ᠠᠶᠢᠮᠠᠭ ᠤᠨ ᠨᠠᠮ ᠤᠨ ᠬᠤᠷᠢᠶ᠎ᠠ 2024 ᠣᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠤᠷᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠳᠦ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠭᠤᠤᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠪᠠ ︽ᠵᠢᠷᠭᠤᠭᠠᠨ ᠢᠨᠵᠧᠨᠧᠷᠢᠩ︾ ᠎ ᠢ ᠠᠬᠢᠭᠤᠯᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/16
     4 ᠰᠠᠷ᠎ᠠ ᠶᠢᠨ 15᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2024 ᠣᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠤᠷᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠭᠤᠤᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠪᠠ ︽ᠵᠢᠷᠭᠤᠭᠠᠨ ᠢᠨᠵᠧᠨᠧᠷᠢᠩ︾ ᠎ ᠢ ᠠᠬᠢᠭᠤᠯᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠭᠤᠣᠯ ᠰᠢᠵᠢᠮ ᠤᠨ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠠᠬᠢᠭᠤᠯᠬᠤ ᠠᠵᠢᠯ ᠤᠨ ᠪᠦᠲᠦᠮᠵᠢᠲᠡᠢ ᠠᠷᠭ᠎ᠠ ᠵᠠᠮ ᠪᠣᠯᠣᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠵᠦ᠂ ᠺᠠᠳ᠋ᠷ ᠤᠯᠠᠨ ᠲᠦᠮᠡᠨ ᠤ ᠠᠵᠢᠯ ᠠᠮᠢᠳᠤᠷᠠᠯ ᠤᠨ ᠲᠠᠯ᠎ᠠ ᠪᠦᠬᠦᠨ ᠳᠤ ᠠᠭᠤᠰᠤᠯᠴᠠᠭᠤᠯᠵᠤ᠂ ︽ᠬᠠᠮᠲᠤ ᠶᠢᠨ︾ ᠭᠡᠬᠦ ᠡᠨᠡ ᠬᠦ ᠠᠵᠢᠯ ᠢ ᠦᠨᠡᠨ ᠬᠦ ᠰᠠᠶᠢᠲᠤᠷ ᠭᠦᠢᠴᠡᠳ ᠬᠢᠬᠦ ᠬᠡᠷᠡᠭᠲᠡᠢ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠡᠭᠦᠳᠦᠨ ᠪᠠᠶᠢᠭᠤᠯᠬᠤ ᠬᠠᠷᠠᠯᠲᠠ ᠱᠠᠭᠠᠷᠳᠠᠯᠭ᠎ᠠ ᠲᠠᠢ ᠬᠠᠷᠭᠤᠭᠤᠯᠤᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠠᠳᠬᠤᠵᠤ᠂ ᠡᠭᠦᠳᠦᠨ ᠪᠠᠶᠢᠭᠤᠯᠬᠤ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠬᠤ ᠳᠠᠭᠠᠨ᠂ ︽ᠵᠢᠷᠭᠤᠭᠠᠨ ᠢᠨᠵᠧᠨᠧᠷᠢᠩ︾ ᠎ ᠢ ᠠᠬᠢᠭᠤᠯᠬᠤ ᠳᠤ ᠲᠦᠷᠦ ᠶᠢᠨ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠬᠦᠴᠦᠨ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ ᠠᠯᠬᠤᠮ ᠳᠠᠷᠠᠭ᠎ᠠ ᠲᠠᠢ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢᠨ ᠪᠤᠳᠠᠳᠠᠶᠢᠵᠢᠭᠤᠯᠤᠯᠳᠡ ᠶᠢ ᠲᠣᠪᠤᠶᠢᠯᠭᠠᠨ ᠰᠠᠶᠢᠲᠤᠷ ᠠᠳᠬᠤᠵᠤ᠂ ᠨᠠᠷᠢᠨ ᠬᠢᠨᠠᠮᠠᠭᠠᠢ ᠲᠥᠯᠥᠪᠵᠢᠭᠦᠯᠦᠨ ᠪᠠᠶᠢᠷᠢᠰᠢᠭᠤᠯᠵᠤ᠂ ᠪᠣᠳᠠᠲᠠᠢ ᠲᠠᠢ ᠤᠶᠠᠯᠳᠤᠭᠤᠯᠤᠨ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠲᠦᠷᠭᠡᠯᠡᠵᠦ ᠲᠡᠶᠢᠯᠪᠡᠯ ᠲᠦᠷᠭᠡᠨ ᠬᠢᠬᠦ᠂ ᠡᠷᠲᠡ ᠬᠢᠵᠦ ᠢᠯᠡᠭᠦᠦ ᠬᠢᠬᠦ ᠵᠠᠷᠴᠢᠮ ᠢ ᠪᠠᠷᠢᠮᠲᠠᠯᠠᠨ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠡᠷᠦᠩᠬᠡᠶᠢᠯᠡᠨ ᠵᠠᠰᠠᠯᠳᠠ ᠪᠠ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠳᠤᠯᠠᠭᠠᠯᠠᠭ᠎ᠠ ᠶᠢᠨ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠵᠠᠳᠠᠯᠵᠤ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠶᠢᠳᠪᠦᠷᠢᠯᠡᠬᠦ ᠪᠠᠶᠢᠳᠠᠯ ᠢ ᠭᠦᠢᠴᠡᠳ ᠪᠣᠳᠣᠯᠬᠢᠯᠠᠨ᠂ ᠪᠣᠳᠠᠲᠠᠢ ᠲᠠᠢ ᠪᠠᠨ ᠤᠶᠠᠯᠳᠤᠭᠤᠯᠤᠨ ᠪᠠᠷᠢᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠣᠯᠠᠨ ᠲᠦᠮᠡᠨ ᠤ ᠳᠤᠯᠠᠭᠠᠯᠠᠭ᠎ᠠ ᠶᠢᠨ ᠠᠰᠠᠭᠤᠳᠠᠯ ᠢ ᠦᠨᠡᠨ ᠬᠦ ᠰᠠᠶᠢᠲᠤᠷ ᠰᠶᠢᠳᠪᠦᠷᠢᠯᠡᠬᠦ ᠬᠡᠷᠡᠭᠲᠡᠢ ᠭᠡᠪᠡ᠃      ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠲᠤᠷᠠᠯ ᠤᠨ ᠬᠦᠴᠦᠨ ᠢ ᠤᠯᠠᠮ ᠨᠢᠭᠲᠠᠷᠠᠭᠤᠯᠵᠤ᠂ ᠡᠯ᠎ᠡ ᠬᠦᠷᠢᠶᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯᠣᠨ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠠᠵᠤ ᠦᠢᠯᠡᠰ ᠤᠨ ᠰᠠᠭᠤᠷᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠳᠠᠲᠤ ᠪᠠᠶᠢᠳᠠᠯ ᠳᠤ ᠰᠠᠭᠤᠷᠢᠯᠠᠨ᠂ ᠭᠤᠣᠯᠳᠠᠯᠭ᠎ᠠ ᠶᠢ ᠲᠣᠪᠤᠶᠢᠯᠭᠠᠨ᠂ ᠤᠶᠤᠨ ᠴᠢᠳᠠᠯ ᠢᠶᠠᠨ ᠲᠥᠪᠯᠡᠷᠡᠭᠦᠯᠦᠨ ᠭᠤᠣᠯ ᠮᠡᠷᠭᠡᠵᠢᠯ ᠤᠨ ᠪᠤᠭᠤᠮᠳᠠ ᠰᠢᠪᠳᠤᠯᠬᠤ ᠪᠠ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠥᠷᠨᠢᠭᠦᠯᠬᠦ ᠬᠡᠷᠡᠭᠲᠡᠢ᠃ ᠡᠷᠢᠶᠡᠨ ᠬᠤᠳᠠ ᠪᠣᠯᠣᠨ ᠵᠡᠭᠦᠨ ᠬᠠᠲᠠᠪᠴᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠳᠤᠮᠳᠠᠳᠤ ᠮᠣᠩᠭᠤᠯ ᠤᠨ ᠡᠷᠢᠶᠡᠨ ᠬᠤᠳᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠪᠣᠯᠣᠨ ᠠᠷᠠᠯᠵᠢᠶᠠᠴᠢᠨ ᠤᠷᠢᠵᠤ ᠪᠡᠯᠡ ᠲᠠᠳᠠᠬᠤ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠪᠦᠬᠦ ᠠᠶᠢᠮᠠᠭ ᠤᠨ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠪᠡ᠃                                                   ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号