ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/16
     4 ᠰᠠᠷ᠎ᠠ ᠶᠢᠨ 15᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ︽ᠪᠥᠬᠦ ᠨᠠᠮ ᠤᠨ ᠳᠣᠲᠣᠭᠠᠲᠦ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠦᠷᠨᠢᠬᠦᠯᠬᠦ ᠲᠤᠬᠠᠢ ᠮᠡᠳᠡᠭᠳᠡᠯ︾ ᠪᠣᠯᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦ ᠠᠶᠢᠮᠠᠭ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠦᠷᠨᠢᠭᠦᠯᠬᠦ‌‍ᠲ᠋ᠤᠬᠠᠢ ᠬᠡᠷᠡᠭᠵᠢᠭᠦᠯᠬᠦ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠮᠠᠨ ᠤ ᠠᠶᠢᠮᠠᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠳᠠᠶᠠᠭᠠᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠠ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠦᠳ ᠤᠨ ᠤᠬᠠᠮᠰᠠᠷ ᠠᠴᠠ ᠪᠠᠨ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠬᠤ᠂ ᠨᠠᠮ ᠤᠨ ᠰᠠᠬᠢᠯᠭ᠎ᠠ ᠪᠠᠲᠤ ᠶᠢ ᠬᠠᠮᠠᠭᠠᠯᠠᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠰᠢᠯᠢ ᠶᠢᠨ ᠭᠤᠣᠯ ᠠᠶᠢᠮᠠᠭ ᠤᠨ ᠪᠣᠳᠠᠲᠠᠢ ᠪᠠᠶᠢᠳᠠᠯ ᠲᠠᠢ ᠤᠶᠠᠯᠳᠤᠭᠤᠯᠤᠨ᠂ ᠲᠡᠷᠡ ᠬᠡᠪ ᠢᠶᠠᠷ ᠨᠢ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠠ᠂ ᠲᠠᠶᠢᠯᠤᠮᠵᠢ ᠪᠣᠯᠪᠠᠰᠤᠷᠠᠯ ᠢ ᠰᠠᠶᠢᠲᠤᠷ ᠬᠢᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠶᠢᠳᠬᠡᠯ ᠥᠭᠬᠦ ᠳᠦᠷᠢᠮ︾ ᠢ ᠰᠤᠷᠤᠯᠴᠠᠨ ᠲᠤᠭᠤᠰᠢᠯᠠᠭᠤᠯᠬᠤ  ᠶᠢ  ᠬᠦᠨᠵᠡᠭᠡᠶᠢᠷᠡᠭᠦᠯᠦᠨ  ᠪᠤᠲᠠᠲᠠᠶᠢᠵᠢᠭᠤᠯᠬᠤ ᠶᠢ ᠠᠬᠢᠭᠤᠯᠵᠤ᠂ ᠴᠢᠩᠭ᠎ᠠ ᠲᠣᠳᠣᠷᠬᠠᠢ  ᠰᠠᠬᠢᠯᠭ᠎ᠠ  ᠪᠠᠲᠤ  ᠪᠠᠷ ︽ᠬᠤᠶᠠᠷ  ᠢ  ᠲᠣᠭᠲᠠᠭᠠᠬᠰᠠᠨ︾ ᠎ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠵᠣᠬᠢᠶᠠᠨ ᠪᠠᠶᠢᠭᠤᠯᠤᠯᠲᠠ  ᠶᠢᠨ  ᠤᠳᠤᠷᠢᠳᠤᠯᠭ᠎ᠠ  ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠨᠡᠨ ᠬᠦ ᠰᠢᠨᠵᠢᠯᠡᠬᠦ ᠤᠬᠠᠭᠠᠨᠴᠢ ᠪᠠᠷ ᠰᠠᠶᠢᠲᠤᠷ ᠲᠥᠯᠥᠪᠵᠢᠭᠦᠯᠵᠦ᠂ ᠨᠠᠷᠢᠨ ᠨᠢᠮᠪᠠᠢ ᠰᠠᠶᠢᠲᠤᠷ ᠵᠣᠬᠢᠶᠠᠨ ᠪᠠᠶᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠠᠢ ᠨᠢᠭᠲᠠ ᠤᠶᠠᠯᠳᠤᠭᠤᠯᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ︽ᠨᠠᠮ ᠤᠨ ᠤᠯᠤᠰ ᠲᠦᠷᠦ ᠶᠢᠨ ᠢᠲᠡᠭᠡᠯ ᠪᠢᠰᠢᠷᠡᠯ ᠪᠤᠯᠤᠨ ᠤᠯᠤᠰ ᠲᠦᠷᠦ ᠶᠢᠨ ᠵᠤᠷᠢᠯᠲᠠ ᠶᠢ ᠰᠠᠨᠠᠭᠠᠴᠢᠯᠠᠭ᠎ᠠ ᠲᠠᠢ ᠪᠤᠶᠦ ᠰᠠᠨᠠᠭᠠᠴᠢᠯᠠᠭᠠᠲᠦ ᠪᠤᠰᠦ ᠪᠠᠷ ᠲᠦᠭᠦᠮᠴᠢᠯᠡᠬᠦ ᠪᠤᠯᠬᠢᠴᠢᠯᠠᠬᠤ︾ ︽ᠨᠠᠮ ᠤᠨ ᠢᠲᠡᠭᠡᠯ ᠪᠢᠰᠢᠷᠡᠯ ᠪᠤᠯᠤᠨ ᠤᠯᠤᠰ ᠲᠦᠷᠦ ᠶᠢᠨ ᠵᠤᠷᠢᠯᠲᠠ ᠶᠢ ᠬᠡᠯᠡᠨ ᠤ ᠤᠷᠠᠨ  ᠢ  ᠠᠰᠢᠬᠯᠡᠵᠦ  ᠬᠦᠳᠬᠡᠬᠦ ᠳᠠᠭᠠᠷᠢᠬᠤ︾  ᠎ ᠶᠢ ᠴᠢᠩᠭ᠎ᠠ ᠰᠡᠷᠭᠡᠶᠢᠯᠡᠵᠦ᠂ ᠴᠢᠩᠭ᠎ᠠ ᠪᠣᠳᠠᠲᠠᠢ ᠰᠤᠷᠲᠠᠯ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠤᠯᠤᠰ ᠲᠥᠷᠥᠴᠢ ᠴᠢᠨᠠᠷ ᠪᠣᠯᠣᠨ ᠲᠥᠪ ᠴᠢᠩᠭ᠎ᠠ ᠴᠢᠨᠠᠷ ᠢ ᠪᠠᠲᠤᠯᠠᠬᠤ ᠬᠡᠷᠡᠭᠲᠡᠢ᠃ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠠ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠤᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠠᠢ᠃                                                   ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号