ᠮᠠᠨ ᠤ ᠠᠶᠢᠮᠠᠭ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠤ ᠤᠨᠲᠠᠷᠠᠭᠠᠬᠤ ᠠᠵᠢᠯ ᠢ ᠴᠢᠩᠭ᠎ᠠ ᠠᠳᠬᠤᠵᠦ ᠪᠤᠢ
ᠨᠡᠶᠢᠲᠡᠯᠡᠭᠰᠡᠨ ᠴᠠᠭ᠄
2024/4/16
     ᠮᠠᠨ ᠤ ᠠᠶᠢᠮᠠᠭ ᠬᠠᠪᠤᠷ ᠤᠨ ᠤᠯᠠᠷᠢᠯ ᠤᠨ ᠭᠠᠯ ᠲᠦᠢᠮᠡᠷ ᠤᠨ ᠴᠢᠩᠭ᠎ᠠ ᠰᠡᠷᠭᠡᠶᠢᠯᠡᠯᠳᠡ ᠶᠢᠨ ᠬᠤᠭᠤᠴᠠᠭᠠᠨ ᠳᠤ ᠤᠷᠤᠭᠰᠠᠨ ᠠᠴᠠ ᠨᠠᠭᠠᠰᠢ᠂ ᠪᠦᠬᠦ ᠠᠶᠢᠮᠠᠭ ᠤᠨ ᠡᠯ᠎ᠡ ᠭᠠᠵᠠᠷ ᠤᠨ ᠬᠢᠨ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠴᠢᠩᠭ᠎ᠠ ᠰᠡᠷᠭᠡᠶᠢᠯᠡᠬᠦ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠬᠠᠮᠢᠶᠠᠷᠤᠯᠲᠠ ᠪᠠᠨ ᠨᠠᠷᠢᠯᠢᠭᠵᠢᠭᠤᠯᠤᠨ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠪᠠᠶᠢᠴᠠᠭᠠᠨ ᠴᠢᠩᠭ᠎ᠠ ᠰᠠᠬᠢᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠴᠢᠩᠭ᠎ᠠ ᠰᠡᠷᠭᠡᠶᠢᠯᠡᠯᠳᠡ ᠶᠢᠨ ᠠᠵᠢᠯ ᠢ ᠯᠠᠪᠳᠠᠭᠤᠨ ᠪᠠᠳᠤᠳᠠᠢ ᠦᠷᠨᠢᠬᠦᠯᠵᠤ ᠪᠠᠶᠢᠨ᠎ᠠ᠃      ᠤᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠣᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠶᠡᠭᠡ ᠠᠩᠭᠢ᠂ ᠪᠠᠶᠠᠨᠬᠤᠰᠢᠭᠤ ᠰᠤᠮᠤᠨ ᠤ ᠠᠷᠠᠳ ᠤᠨ ᠵᠠᠰᠠᠭ ᠤᠨ ᠣᠷᠳᠣᠨ᠂ ᠬᠦᠷᠦᠭᠡᠰᠦᠲᠡᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠤᠯᠤᠨ ᠡᠯ᠎ᠡ ᠰᠤᠮᠤ ᠪᠠᠯᠭᠠᠰᠤᠨ ᠤ ᠭᠠᠯ ᠤᠨᠲᠠᠷᠠᠭᠠᠬᠤ ᠠᠩᠭᠢ ᠶᠢᠨ ᠭᠡᠰᠢᠭᠦᠳ ᠢ ᠵᠣᠬᠢᠶᠠᠨ ᠪᠠᠶᠢᠭᠤᠯᠵᠤ᠂ 2024 ᠣᠨ ᠤ ᠬᠠᠪᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠪᠣᠯᠪᠠᠰᠤᠷᠠᠯ ᠪᠠ ᠰᠣᠷᠢᠯᠲᠠ ᠬᠢᠵᠤ᠂ ᠣᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠶᠡᠭᠡ ᠠᠩᠭᠢ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠲᠠᠰᠬᠠᠯᠵᠢᠭᠤᠯᠤᠬᠴᠢ ᠶᠢ ᠤᠷᠢᠵᠤ᠂ ᠭᠠᠯ ᠤᠨᠲᠠᠷᠠᠭᠠᠬᠤ ᠦᠨᠳᠦᠰᠦᠨ ᠮᠡᠳᠡᠯᠭᠡ᠂ ᠭᠠᠯ ᠤᠨᠲᠠᠷᠠᠭᠠᠬᠤ ᠮᠡᠷᠭᠡᠵᠢᠯ᠂ ᠠᠶᠤᠯ᠎ᠠ ᠴᠠ ᠪᠠᠴᠢᠮ ᠵᠠᠶᠢᠯᠠᠬᠤ᠂ ᠳᠠᠭᠠᠭᠤᠯᠢ ᠣᠳᠣᠨ ᠤᠳᠠᠰᠦ ᠶᠢ ᠤᠭᠰᠠᠷᠠᠵᠤ ᠬᠡᠷᠡᠭᠯᠡᠬᠦ ᠵᠡᠷᠭᠡ ᠶᠢᠨ ᠲᠤᠭᠤᠷᠢᠨ ᠳᠤ ᠪᠤᠯᠪᠠᠰᠤᠷᠠᠯ ᠬᠢᠵᠡᠢ᠃ ᠪᠤᠳᠠᠳᠠᠢ ᠰᠣᠷᠢᠯᠲᠠ ᠳᠤ᠂ ᠪᠠᠶᠠᠨᠬᠤᠰᠢᠭᠤ ᠰᠤᠮᠤᠨ ᠤ ᠬᠠᠷᠠᠭᠠᠳᠤ ᠭᠠᠴᠠᠭᠠᠨ ᠳᠤ ᠪᠠᠶᠢᠷᠢᠯᠠᠭ᠎ᠠ G207 ᠵᠠᠮ ᠳᠠᠭᠠᠤ ᠨᠤᠲᠤᠭ ᠪᠡᠯᠴᠢᠭᠡᠷ ᠲᠤ ᠭᠠᠯ ᠲᠦᠢᠮᠡᠷ ᠭᠠᠷᠤᠭᠰᠠᠨ ᠢᠶᠠᠷ ᠲᠦᠰᠦᠭᠡᠯᠡᠵᠤ᠂ ᠡᠯ᠎ᠡ ᠭᠠᠯ ᠤᠨᠲᠠᠷᠠᠭᠠᠬᠤ ᠠᠩᠭᠢ ᠨᠢ ᠶᠡᠷᠦᠩᠬᠡᠢ ᠵᠢᠯᠣᠭᠤᠳᠤᠭᠴᠢ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠭᠤᠷᠪᠠᠨ ᠬᠡᠰᠡᠭ ᠭᠠᠵᠠᠷ ᠲᠤ ᠭᠠᠯ ᠤᠨᠲᠠᠷᠠᠭᠠᠬᠤ ᠠᠵᠢᠯ ᠢᠶᠠᠨ ᠥᠷᠨᠢᠭᠦᠯᠵᠦ᠂ ᠭᠠᠯ ᠢ ᠳᠠᠷᠦ᠋ᠢᠬᠠᠨ ᠤᠨᠳᠠᠷᠠᠭᠠᠵᠠᠢ᠃  ᠪᠦᠬᠦᠶᠢᠯᠡ ᠰᠣᠷᠢᠯᠲᠠ ᠶᠢᠨ ᠶᠠᠪᠤᠴᠠ ᠨᠢ ᠪᠠᠴᠢᠮ ᠪᠥᠭᠡᠳ ᠡᠮᠬᠢ ᠵᠢᠷᠤᠮ ᠲᠠᠢ ᠪᠠᠶᠢᠵᠤ᠂ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠨ ᠭᠠᠯ ᠤᠨ ᠠᠶᠤᠯ ᠤᠨ ᠡᠮᠦᠨ᠎ᠡ ᠲᠦᠷᠭᠡᠨ ᠲᠤᠰᠬᠠᠯ ᠭᠠᠷᠬᠤ ᠴᠢᠳᠠᠪᠤᠷᠢ ᠪᠣᠯᠤᠨ ᠪᠣᠳᠠᠲᠠᠢ ᠪᠠᠶᠢᠯᠳᠤᠬᠤ ᠴᠢᠳᠠᠪᠤᠷᠢ ᠶᠢ ᠭᠦᠢᠴᠡᠳ ᠬᠠᠷᠠᠭᠤᠯᠤᠭᠰᠠᠨ ᠪᠠᠶᠢᠨ᠎ᠠ᠃      ᠡᠭᠦᠨ ᠠᠴᠠ ᠭᠠᠳᠠᠨ᠎ᠠ᠂ ᠲᠤᠰ ᠬᠤᠰᠢᠭᠤ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠤ ᠤᠨᠳᠠᠷᠠᠭᠠᠬᠤ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠤᠶᠢᠳᠤ ᠤᠷᠤᠨ ᠪᠤᠯᠤᠨ ᠭᠠᠯ ᠤᠨ ᠠᠶᠤᠯ ᠡᠭᠦᠰᠬᠦ ᠪᠤᠯᠤᠮᠵᠢ ᠶᠡᠭᠡ ᠭᠠᠵᠠᠷ ᠤᠷᠤᠨ ᠳᠤ ᠭᠠᠯ ᠲᠦᠢᠮᠡᠷ ᠢ ᠰᠡᠷᠭᠡᠶᠢᠯᠡᠬᠦ ᠰᠠᠨᠠᠭᠤᠯᠤᠮᠵᠢ ᠶᠢᠨ ᠫᠠᠶᠢᠰᠠ ᠡᠯᠬᠦᠵᠤ᠂ ᠠᠷᠠᠳ ᠤᠯᠠᠨ ᠤ ᠭᠠᠯ ᠰᠡᠷᠭᠡᠶᠢᠯᠡᠬᠦ ᠤᠬᠠᠮᠰᠠᠷ ᠪᠤᠯᠤᠨ ᠬᠠᠷᠢᠭᠤᠴᠠᠯᠭᠠᠳᠤ ᠰᠡᠳᠬᠢᠯᠬᠡ ᠶᠢ ᠲᠡᠭᠡᠭᠰᠢᠯᠡᠬᠦᠯᠵᠡᠢ᠃ ᠭᠠᠯ ᠤᠨ ᠠᠶᠤᠯ ᠤᠨ ᠡᠬᠢ ᠰᠤᠷᠪᠤᠯᠵᠢ ᠶᠢᠨ ᠬᠠᠮᠢᠶᠠᠷᠤᠯᠳᠠ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠤᠷᠤᠨ ᠳᠤ ᠦᠷᠬᠦᠯᠵᠢ ᠶᠢᠨ ᠴᠢᠨᠠᠷᠳᠠᠢ ᠭᠠᠯ ᠤᠨ ᠠᠶᠤᠯ ᠤᠨ ᠭᠡᠮ ᠰᠤᠭᠤᠭ ᠢ ᠪᠠᠶᠢᠴᠠᠭᠠᠬᠤ ᠠᠵᠢᠯᠯᠠᠭ᠎ᠠ ᠦᠷᠨᠢᠬᠦᠯᠵᠤ᠂ ᠭᠤᠤᠯᠳᠠᠯᠭ᠎ᠠ ᠲᠠᠢ ᠵᠠᠮ ᠪᠤᠯᠤᠨ ᠤᠶᠢᠳᠤ ᠤᠷᠤᠨ ᠳᠤ ᠤᠷᠤᠬᠤ ᠵᠠᠮ ᠲᠠᠭᠠᠤ  ᠲᠦᠷ  ᠴᠠᠭ  ᠤᠨ  ᠭᠠᠯ  ᠰᠡᠷᠭᠡᠶᠢᠯᠡᠬᠦ ᠪᠠᠶᠢᠴᠠᠭᠠᠯᠳᠠ ᠶᠢᠨ ᠦᠷᠳᠡᠭᠡ ᠲᠤᠬᠢᠷᠠᠭᠤᠯᠵᠤ᠂ ᠤᠷᠤᠵᠤ ᠭᠠᠷᠬᠤ ᠲᠡᠷᠭᠡ ᠤᠨᠤᠭ᠎ᠠ ᠪᠤᠯᠤᠨ ᠬᠦᠮᠦᠰ ᠲᠤ ᠴᠢᠩᠭ᠎ᠠ ᠪᠠᠶᠢᠴᠠᠭᠠᠯᠳᠠ ᠬᠢᠵᠤ᠂ ᠭᠠᠯ ᠤᠨ ᠠᠶᠤᠯ ᠢ ᠡᠬᠢ ᠰᠤᠷᠪᠤᠯᠵᠢ ᠠᠴᠠ ᠨᠢ ᠪᠦᠬᠦ ᠲᠠᠯ᠎ᠠ ᠪᠠᠷ ᠡᠵᠡᠮᠳᠡᠨ ᠬᠤᠷᠢᠭᠯᠠᠵᠦ ᠪᠤᠢ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠴᠢᠩᠭᠠᠳᠬᠠᠵᠤ᠂ ᠪᠦᠬᠦ ᠬᠤᠰᠢᠭᠤᠨ ᠤ ᠭᠠᠯ ᠤᠨ ᠠᠶᠤᠯ ᠡᠭᠦᠰᠬᠦ ᠪᠤᠯᠤᠮᠵᠢ ᠶᠡᠭᠡ ᠭᠠᠵᠠᠷ ᠤᠳ ᠢᠶᠠᠷ ᠭᠠᠯ ᠰᠡᠷᠭᠡᠶᠢᠯᠡᠵᠤ ᠤᠨᠳᠠᠷᠠᠭᠠᠬᠤ ᠬᠦᠴᠦᠨ ᠢ ᠵᠤᠬᠢᠰᠳᠠᠢ ᠲᠤᠬᠢᠷᠠᠭᠤᠯᠬᠤ ᠶᠢᠨ ᠬᠠᠮᠳᠤ ᠭᠠᠯ ᠤᠨᠳᠠᠷᠠᠭᠠᠬᠤ ᠡᠳ᠋ ᠪᠤᠳᠠᠰ ᠲᠠᠷᠬᠠᠭᠠᠵᠤ᠂ ᠭᠤᠤᠯᠳᠠᠯᠭ᠎ᠠ ᠲᠠᠢ ᠭᠠᠵᠠᠷ ᠤᠷᠤᠨ ᠢᠶᠠᠷ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠬᠦᠮᠦᠰ ᠲᠤᠬᠢᠷᠠᠭᠤᠯᠵᠤ᠂ ᠭᠠᠯ ᠲᠦᠢᠮᠡᠷ ᠤᠨ ᠠᠶᠤᠯ ᠢ ᠡᠷᠲᠡ ᠢᠯᠡᠷᠡᠭᠦᠯᠦᠨ ᠡᠷᠲᠡ ᠤᠨᠳᠠᠷᠠᠭᠠᠬᠤ ᠶᠢ ᠪᠠᠳᠤᠯᠠᠵᠥ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠭᠦ ᠬᠠᠮᠠᠭᠠᠯᠠᠵᠦ ᠪᠤᠢ᠃      ᠮᠠᠨ ᠤ ᠠᠶᠢᠮᠠᠭ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠨᠢᠭᠲᠠ ᠰᠦᠯᠵᠢᠵᠤ᠂ ᠭᠠᠯ ᠲᠦᠢᠮᠡᠷ ᠢ ᠰᠡᠷᠭᠡᠶᠢᠯᠡᠬᠦ ᠬᠡᠯᠡᠯᠴᠡᠭᠡᠷ ᠪᠤᠯᠤᠨ ᠭᠠᠴᠠᠭ᠎ᠠ ᠲᠣᠰᠬᠤᠨ ᠤ ᠠᠷᠠᠳ ᠤᠨ ᠨᠡᠶᠢᠲᠡ ᠶᠢᠨ ᠭᠡᠷ᠎ᠡ ᠨᠡᠶᠢᠳᠡ 11.8 ᠲᠦᠮᠡ ᠭᠠᠷᠤᠢ ᠬᠤᠪᠢ ᠲᠤᠭᠳᠠᠵᠤ᠂ ᠭᠠᠯ ᠲᠦᠢᠮᠡᠷ ᠢ ᠰᠡᠷᠭᠡᠶᠢᠯᠡᠬᠦ ᠪᠠᠶᠢᠴᠠᠭᠠᠬᠤ ᠲᠦᠷ ᠴᠠᠭ ᠤᠨ ᠥᠷᠲᠡᠭᠡ 64᠎ ᠶᠢ ᠲᠤᠬᠢᠷᠠᠭᠤᠯᠵᠤ᠂ 4234 ᠬᠥᠮᠦᠨ ᠲᠤᠬᠢᠷᠠᠭᠤᠯᠤᠨ᠂ ᠨᠢᠭᠡᠨᠳᠡ 90 ᠭᠠᠷᠤᠢ ᠭᠠᠯ ᠤᠨ ᠠᠶᠤᠯ ᠤᠨ ᠳᠠᠯᠳᠠ ᠭᠡᠮ ᠢ ᠪᠠᠶᠢᠴᠠᠭᠠᠨ ᠠᠷᠢᠯᠭᠠᠪᠠ︔ ᠪᠦᠬᠦ ᠠᠶᠢᠮᠠᠭ ᠤᠨ ᠡᠯ᠎ᠡ ᠭᠠᠵᠠᠷ ᠤᠷᠤᠨ ᠨᠡᠶᠢᠳᠡ 13 ᠬᠤᠭᠤᠴᠠᠭᠠᠨ ᠤ ᠭᠠᠯ ᠲᠦᠢᠮᠡᠷ ᠢ ᠰᠡᠷᠭᠡᠶᠢᠯᠡᠬᠦ ᠪᠣᠯᠪᠠᠰᠤᠷᠠᠯ ᠢ ᠵᠣᠬᠢᠶᠠᠨ ᠪᠠᠶᠢᠭᠤᠯᠵᠤ᠂ 800 ᠭᠠᠷᠤᠢ ᠬᠥᠮᠦᠨ ᠳᠤ ᠪᠤᠯᠪᠠᠰᠤᠷᠠᠯ ᠭᠦᠷᠳᠡᠭᠡᠨ᠂ 10 ᠤᠳᠠᠭ᠎ᠠ ᠰᠣᠷᠢᠯᠲᠠ ᠬᠢᠵᠦ᠂ 1000 ᠭᠠᠷᠤᠢ ᠬᠥᠮᠦᠨ ᠢ ᠣᠷᠣᠯᠴᠠᠭᠤᠯᠵᠤ᠂ ᠭᠠᠯ ᠲᠦᠢᠮᠠᠷ ᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号