ᠯᠥᠸᠧ ᠴᠢᠩ ᠰᠢᠯᠢ ᠶᠢᠨ ᠬᠤᠲᠠ ᠳᠤ ᠳᠤᠯᠠᠭᠠᠯᠠᠬᠤ ᠢᠨᠵᠧᠨᠧᠷᠢᠩ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/18
     4 ᠰᠠᠷ᠎ᠠ ᠶᠢᠨ 17᠎ ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠰᠢᠯᠢ ᠶᠢᠨ ᠬᠤᠲᠠ ᠳᠤ  ᠭᠦᠨᠵᠡᠭᠡᠶᠢᠷᠡᠨ  ᠳᠤᠯᠠᠭᠠᠯᠠᠬᠤ  ᠢᠨᠵᠧᠨᠧᠷᠢᠩ ᠎ ᠤᠨ ᠬᠡᠷᠡᠭᠵᠢᠭᠦᠯᠦᠯᠲᠡ᠂ ᠬᠤᠳᠠ ᠶᠢᠨ ᠠᠵᠢᠯᠯᠠᠭᠠᠨ ᠤ ᠬᠠᠮᠢᠶᠠᠷᠤᠯᠲᠠ᠂ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠠᠢ᠃      ᠳᠤᠯᠠᠭᠠᠯᠠᠭ᠎ᠠ ᠶᠢᠨ ᠬᠤᠭᠤᠯᠠᠢ ᠲᠣᠣᠷ ᠢ ᠥᠭᠡᠷᠡᠴᠢᠯᠡᠨ ᠪᠠᠶᠢᠭᠤᠯᠬᠤ ᠠᠵᠢᠯ ᠤᠨ ᠲᠤᠬᠠᠢ ᠶᠢᠨ ᠲᠠᠯᠠᠪᠠᠢ ᠳᠤ᠂ ᠯᠥᠸᠧ ᠴᠢᠩ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠳᠤᠯᠠᠭᠠᠯᠠᠬᠤ ᠢᠨᠵᠧᠨᠧᠷᠢᠩ ᠢ ᠴᠢᠬᠤᠯᠠ ᠶᠠᠪᠤᠳᠠᠯ ᠪᠠᠴᠢᠮ ᠶᠠᠪᠤᠳᠠᠯ ᠪᠣᠯᠭᠠᠵᠤ᠂ ︽ᠡᠪᠦᠯ ᠤᠨ ᠡᠪᠡᠳᠴᠢᠨ ᠢ ᠵᠤᠨ ᠵᠠᠰᠠᠬᠤ︾ ᠎ ᠶᠢ ᠪᠠᠷᠢᠮᠲᠠᠯᠠᠠ᠂ ᠠᠶᠤᠯᠭᠦᠢ ᠦᠢᠯᠡᠳᠪᠦᠷᠢᠯᠡᠯ ᠪᠣᠯᠣᠨ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠬᠤᠭᠤᠯᠠᠢ ᠲᠣᠣᠷ᠂ ᠢᠯᠴᠢ ᠰᠣᠯᠢᠯᠴᠠᠬᠤ ᠦᠷᠳᠡᠭᠡ ᠶᠢ ᠥᠭᠡᠷᠡᠴᠢᠯᠡᠨ ᠪᠠᠶᠢᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠠᠵᠢᠯ ᠢ ᠳᠠᠭᠤᠰᠬᠠᠠ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠣᠶᠤᠨᠲᠤ ᠬᠤᠲᠠ ᠶᠢᠨ ᠵᠢᠯᠤᠭᠤᠳᠬᠤ ᠲᠥᠪ ᠲᠤ᠂ ᠯᠥᠸᠧ ᠴᠢᠩ ᠬᠤᠳᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠠᠪᠴᠠᠩ ᠤᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠠᠷᠠᠳ ᠲᠦᠮᠡᠨ ᠳᠤ ᠦᠢᠯᠡᠴᠢᠯᠡᠬᠦ ᠶᠢ ᠢᠮᠠᠭᠲᠠ ᠪᠠᠷᠢᠮᠲᠠᠯᠠᠠ᠂ ᠤᠯᠠᠨ ᠲᠦᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ ᠳᠤᠯᠠᠭᠠᠯᠠᠭ᠎ᠠ ᠬᠠᠩᠭᠠᠬᠤ ᠵᠡᠷᠭᠡ ᠪᠠᠴᠢᠮ ᠬᠦᠴᠢᠷᠳᠡᠯ ᠲᠤᠯᠭᠠᠮ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠲᠠᠪᠴᠠᠩ ᠤᠨ ᠠᠵᠢᠯᠯᠠᠭᠠᠨ ᠢ ᠲᠣᠬᠢᠷᠠᠭᠤᠯᠬᠤ᠂ ᠰᠠᠭᠠᠳ ᠲᠣᠳᠬᠠᠷ ᠢ ᠰᠶᠢᠳᠪᠦᠷᠢᠯᠡᠬᠦ᠂ ᠭᠤᠮᠣᠳᠠᠯ ᠱᠠᠭᠠᠷᠳᠠᠯᠭ᠎ᠠ ᠶᠢ ᠰᠶᠢᠳᠪᠦᠷᠢᠯᠡᠬᠦ ᠵᠡᠷᠭᠡ ᠠᠵᠢᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠳᠤ ᠴᠢᠨᠠᠷ ᠰᠠᠶᠢᠲᠠᠢ᠂ ᠳᠥᠭᠦᠮ ᠳᠥᠲᠡ ᠬᠤᠳᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠯᠥᠸᠧ ᠴᠢᠩ ᠪᠠᠰᠠ ᠮᠢᠬᠠᠨ ᠤ ᠦᠬᠡᠷ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠨᠠᠷᠢᠯᠢᠭ ᠬᠡᠰᠡᠭᠯᠡᠨ ᠬᠤᠪᠢᠶᠠᠬᠤ᠂ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ᠂ ᠨᠠᠷᠢᠯᠢᠭ ᠤᠨᠤᠪᠴᠢᠲᠠᠢ ᠪᠠᠷ ᠡᠵᠡᠩᠨᠡᠨ ᠪᠣᠷᠣᠯᠠᠭᠤᠯᠬᠤ ᠲᠠᠯ᠎ᠠ ᠪᠠᠷ ᠬᠦᠴᠦ ᠲᠠᠯᠪᠢᠵᠤ᠂ ᠪᠦᠲᠦᠭᠡᠭᠳᠡᠬᠦᠨ ᠤ ᠦᠷᠲᠡᠭ ᠢ ᠨᠡᠮᠡᠭᠳᠡᠬᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠮᠠᠯᠵᠢᠬᠤ ᠡᠷᠦᠬᠡ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠲᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠵᠠᠬᠢᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠰᠢᠷᠢᠰ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠳᠤᠲᠠᠭᠤᠳᠠᠯ ᠢ ᠨᠥᠬᠦᠪᠦᠷᠢᠯᠡᠵᠦ᠂ ᠬᠡᠯᠬᠢᠶ᠎ᠡ ᠶᠢ ᠴᠢᠩᠭᠠᠳᠬᠠᠠ᠂ ᠮᠢᠬᠠᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠠᠶᠢᠮᠠᠭ ᠤᠨ ᠤᠳᠤᠷᠢᠳᠤᠯᠭ᠎ᠠ ᠰᠦᠨ ᠵᠧᠨ ᠵᠢᠶᠠᠩ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                 ᠣᠷᠴᠢᠭᠤᠯᠣᠭᠴᠢ᠄ ᠣᠶᠣᠩᠬᠤᠸᠠᠷ  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号