ᠰᠢᠯᠢ ᠶᠢᠨ ᠭᠤᠣᠯ ᠠᠶᠢᠮᠠᠭ ᠤᠨ 403 ᠭᠤᠣᠯᠳᠠᠯᠭ᠎ᠠ ᠲᠠᠢ ᠲᠥᠷᠥᠯ ᠵᠦᠢᠯ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2024/4/19
     4 ᠰᠠᠷ᠎ᠠ ᠶᠢᠨ 18᠎ ᠤ ᠡᠳᠦᠷ᠂ ᠠᠵᠤ ᠦᠢᠯᠡᠳᠪᠦᠷᠢ᠂ ᠲᠠᠷᠢᠶᠠᠯᠠᠩ᠂ ᠬᠤᠲᠠ ᠶᠢᠨ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠵᠡᠷᠭᠡ ᠣᠯᠠᠨ ᠬᠦᠷᠢᠶ᠎ᠠ ᠶᠢ ᠬᠠᠮᠤᠷᠤᠬᠰᠠᠨ ᠪᠦᠬᠦ ᠠᠶᠢᠮᠠᠭ ᠤᠨ 403 ᠭᠤᠣᠯᠳᠠᠯᠭ᠎ᠠ ᠲᠠᠢ ᠲᠥᠷᠥᠯ ᠵᠦᠢᠯ ᠡᠵᠢᠯ ᠢᠶᠠᠨ ᠡᠬᠢᠯᠡᠭᠦᠯᠪᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ 160 ᠴᠢᠬᠤᠯᠠ ᠶᠡᠭᠡ ᠲᠥᠷᠥᠯ ᠵᠦᠢᠯ 100%᠎ ᠶᠢᠨ ᠪᠦᠷᠢᠨ ᠬᠦᠢᠴᠡᠳ ᠭᠠᠷᠳᠠᠮ ᠢᠶᠠᠷ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠨ ᠪᠦᠲᠦᠭᠡᠨ ᠪᠠᠶᠢᠭᠤᠯᠵᠦ᠂ ︽ᠲᠥᠷᠥᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ︾ ᠭᠡᠬᠦ ᠬᠠᠯᠠᠭᠤᠨ ᠥᠷᠨᠢᠯᠲᠡ ᠶᠢ ᠪᠤᠢ ᠪᠤᠯᠭᠠᠪᠠ᠃      ᠲᠤᠬᠠᠢ ᠶᠢᠨ ᠡᠳᠦᠷ᠂ ᠠᠶᠢᠮᠠᠭ ᠤᠨ ᠲᠠᠰ ᠤᠨ 115 ᠲᠥᠷᠥᠯ ᠵᠦᠢᠯ᠂ ᠬᠤᠰᠢᠭᠤ ᠰᠢᠶᠠᠨ ᠤ ᠲᠠᠰ ᠤᠨ 288 ᠲᠥᠷᠥᠯ ᠵᠦᠢᠯ ᠢ ᠬᠠᠮᠲᠤ ᠳᠤᠨᠢ ᠠᠵᠢᠯ ᠡᠬᠢᠯᠡᠭᠦᠯᠵᠦ᠂ 2024 ᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠬᠢᠯᠡᠯᠲᠡ ᠶᠢᠨ ᠪᠦᠷᠢᠶ᠎ᠠ ᠶᠢ ᠬᠠᠩᠭᠢᠨᠠᠭᠤᠯᠪᠠ᠃ ᠡᠭᠦᠨ ᠳᠤ ᠶᠡᠷᠦᠩᠬᠡᠢ ᠪᠡᠯᠡ ᠣᠷᠣᠭᠤᠯᠤᠯᠲᠠ ᠨᠢ ᠵᠠᠭᠤᠨ ᠳ᠋ᠦᠩᠰᠢᠭᠤᠷ ᠢ ᠳᠠᠪᠠᠭᠰᠠᠨ ᠦᠪᠦᠷ ᠮᠤᠩᠭᠤᠯ ᠤᠨ ᠡᠨᠧᠷᠭᠢ ᠶᠢᠨ 250 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠲᠣᠣᠷ ᠲᠤ ᠨᠡᠶᠢᠯᠡᠭᠦᠯᠬᠦ ᠲᠥᠷᠥᠯ ᠵᠦᠢᠯ ᠵᠡᠷᠭᠡ ᠶᠡᠷᠦᠩᠬᠡᠢ ᠪᠡᠯᠡ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠰᠢᠨ᠎ᠡ ᠪᠠᠷ ᠪᠠᠶᠢᠭᠤᠯᠬᠤ 25 ᠲᠥᠷᠥᠯ ᠵᠦᠢᠯ ᠢ ᠪᠥᠬᠦ ᠲᠠᠯ᠎ᠠ ᠪᠠᠷ ᠠᠵᠢᠯ ᠡᠬᠢᠯᠡᠭᠦᠯᠵᠦ᠂ ᠪᠥᠬᠦ ᠠᠶᠢᠮᠠᠭ ᠤᠨ ᠪᠡᠯᠡ ᠣᠷᠣᠭᠤᠯᠤᠯᠲᠠ ᠶᠢᠨ ᠲᠣᠭᠲᠠᠭᠤᠨ ᠨᠡᠮᠡᠭᠳᠡᠯ ᠳᠤ ᠲᠤᠯᠭᠠᠭᠤᠷᠢᠯᠠᠬᠤ ᠦᠢᠯᠡᠳᠦᠯ ᠦᠵᠡᠬᠦᠯᠪᠡ︔ ᠵᠦᠩ ᠴᠤᠸᠠᠨ ᠰᠠᠯᠬᠢᠨ ᠬᠦᠴᠦᠨ ᠤ ᠴᠠᠬᠢᠯᠭᠠᠨ ᠤ ᠰᠢᠨ᠎ᠡ ᠡᠨᠧᠷᠭᠢ ᠶᠢᠨ ᠲᠤᠨᠤᠬᠯᠠᠯ ᠦᠢᠯᠡᠳᠭᠡᠯ ᠤᠨ ᠠᠵᠤ ᠦᠢᠯᠡᠰ ᠤᠨ ᠬᠦᠷᠢᠶᠡᠯᠡᠩ᠂ ᠶᠤᠸᠠᠨ ᠵᠢᠩ ᠤᠰᠤᠲᠥ᠋ᠷᠥᠭᠴᠢ ᠡᠨᠧᠷᠭᠢ ᠶᠢᠨ ᠲᠤᠨᠤᠬᠯᠠᠯ ᠦᠢᠯᠡᠳᠬᠡᠯ ᠤᠨ ᠠᠵᠤ ᠦᠢᠯᠡᠰ ᠤᠨ ᠬᠡᠯᠬᠢᠶ᠎ᠡ᠂ ᠮᠢᠩ ᠶᠠᠩ ᠳᠡᠯᠪᠢᠲᠦ ᠬᠦᠬᠡᠷᠭᠡ ᠦᠢᠯᠡᠳᠬᠦ ᠵᠡᠷᠭᠡ ᠡᠨᠧᠷᠭᠢ ᠶᠢᠨ ᠲᠤᠨᠤᠬᠯᠠᠯ ᠦᠢᠯᠡᠳᠭᠡᠯ ᠤᠨ ᠲᠣᠯᠣᠭᠠᠶᠢᠯᠠᠭᠴᠢ ᠠᠵᠤ ᠠᠬᠤᠶᠢᠯᠠᠯ ᠤᠨ ᠲᠦᠷᠦᠯ ᠵᠦᠢᠯ ᠢ ᠬᠡᠷᠡᠭᠵᠢᠭᠦᠯᠵᠦ᠂ ᠪᠦᠬᠦᠯᠢ ᠮᠠᠰᠢᠨ ᠢ ᠦᠢᠯᠡᠳᠪᠦᠷᠢᠯᠡᠬᠦ ᠠᠴᠠ ᠠᠪᠤᠭᠠᠳ ᠵᠠᠩᠭᠢᠯᠠᠭ᠎ᠠ ᠶᠢᠨ ᠰᠡᠯᠪᠢᠭ ᠲᠤᠨᠤᠭ ᠢ ᠢᠵᠢ ᠪᠦᠷᠢᠳᠦᠭᠦᠯᠬᠦ᠂ ᠭᠤᠣᠯ ᠰᠡᠯᠪᠢᠭ ᠲᠤᠨᠤᠭ ᠤᠨ ᠪᠦᠬᠦ ᠠᠵᠤ ᠦᠢᠯᠡᠰ ᠤᠨ ᠬᠡᠯᠬᠢᠶ᠎ᠡ ᠪᠠᠷ ᠬᠠᠮᠲᠦ ᠳᠤᠨᠢ ᠬᠥᠭᠵᠢᠭᠦᠯᠬᠦ ᠴᠤᠬᠯᠠᠷᠠᠯ ᠠᠵᠤ ᠦᠢᠯᠡᠰ ᠤᠨ ᠬᠡᠯᠬᠢᠶ᠎ᠡ ᠶᠢ ᠡᠭᠦᠳᠴᠦ ᠪᠤᠢ︔ ᠡᠲᠡᠭᠡᠷ ᠲᠦᠷᠦᠯ ᠵᠦᠢᠯ ᠤᠨ ᠠᠵᠢᠯ ᠢᠶᠠᠨ ᠡᠬᠢᠯᠡᠬᠦᠯᠦᠨ ᠦᠢᠯᠡᠳᠪᠦᠷᠢᠯᠡᠯ ᠢᠶᠠᠨ ᠰᠡᠷᠭᠦᠬᠡᠵᠦ ᠪᠦᠲᠦᠭᠡᠨ ᠪᠠᠶᠢᠭᠤᠯᠤᠬᠰᠠᠨ ᠨᠢ ᠮᠠᠨ ᠤ ᠠᠶᠢᠮᠠᠭ ᠤᠨ ︽ᠲᠦᠷᠦᠯ ᠵᠦᠢᠯ ᠢ ᠶᠡᠬᠡᠪᠡᠷ ᠠᠳᠬᠤᠵᠤ᠂ ᠲᠣᠮᠣ ᠲᠦᠷᠦᠯ ᠵᠦᠢᠯ ᠢ ᠠᠳᠬᠤᠬᠤ︾ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ 2024 ᠣᠨ ᠳᠤ ᠰᠠᠶᠢᠨ ᠡᠬᠢᠯᠡᠯᠲᠡ ᠶᠢ ᠡᠭᠦᠳᠴᠦ᠂ ᠪᠦᠬᠦ ᠵᠢᠯ ᠳᠤ ᠢᠯᠠᠯᠲᠠ ᠤᠯᠬᠤ ᠶᠢ ᠬᠦᠴᠦᠲᠡᠢ ᠠᠬᠢᠭᠤᠯᠵᠠᠢ᠃      ᠲᠣᠰ ᠤᠳᠠᠭᠠᠨ ᠤ ᠠᠵᠢᠯ ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠭᠤᠣᠯᠳᠠᠯᠭ᠎ᠠ ᠲᠠᠢ ᠲᠥᠷᠥᠯ ᠵᠦᠢᠯ ᠤᠨ ᠶᠡᠷᠦᠩᠬᠡᠢ ᠬᠡᠮᠵᠢᠶ᠎ᠡ ᠨᠢ ᠶᠡᠭᠡ᠂ ᠪᠦᠲᠦᠴᠡ ᠨᠢ ᠰᠢᠯᠢᠳᠡᠭ᠂ ᠬᠠᠮᠤᠷᠬᠤ ᠬᠡᠪᠴᠢᠶ᠎ᠡ ᠨᠢ ᠥᠷᠭᠡᠨ ᠪᠠᠶᠢᠵᠤ᠂ ᠰᠠᠭᠤᠷᠢ ᠲᠥᠬᠦᠭᠡᠷᠦᠮᠵᠢ ᠪᠠ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢᠶᠠᠷ ᠭᠤᠣᠯ ᠪᠣᠯᠭᠠᠬᠤ ᠶᠢᠨ ᠬᠠᠮᠲᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠠ ᠨᠡᠶᠢᠭᠡᠮ ᠤᠨ ᠦᠢᠯᠡᠰ ᠤᠨ ᠲᠥᠷᠥᠯ ᠵᠦᠢᠯ ᠢ ᠬᠠᠮᠲᠤ ᠳᠤᠨᠢ ᠬᠠᠷᠠᠭᠠᠯᠵᠠᠵᠠᠢ᠃ ᠡᠭᠦᠨ ᠳᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 32 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 1021 ᠳ᠋ᠦᠩᠰᠢᠭᠤᠷ ᠲᠥᠭᠦᠷᠢᠭ ᠪᠣᠯᠣᠨ᠎ᠠ︔ 5 ᠳ᠋ᠦᠩᠰᠢᠭᠤᠷ ᠠᠴᠠ 10 ᠳ᠋ᠦᠩᠰᠢᠭᠤᠷ ᠲᠥᠭᠦᠷᠢᠭ ᠤᠨ ᠲᠥᠷᠥᠯ ᠵᠦᠢᠯ 22 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 141 ᠳ᠋ᠦᠩᠰᠢᠭᠤᠷ ᠲᠥᠭᠦᠷᠢᠭ ᠪᠣᠯᠣᠨ᠎ᠠ︔ 1 ᠳ᠋ᠦᠩᠰᠢᠭᠤᠷ ᠠᠴᠠ 5 ᠳ᠋ᠦᠩᠰᠢᠭᠤᠷ ᠲᠥᠭᠦᠷᠢᠭ ᠤᠨ ᠲᠥᠷᠥᠯ ᠵᠦᠢᠯ 97 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 194 ᠳ᠋ᠦᠩᠰᠢᠭᠤᠷ ᠲᠥᠭᠦᠷᠢᠭ ᠪᠣᠯᠣᠨ᠎ᠠ᠃ ᠡᠲᠡᠭᠡᠷ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠳᠠᠭᠠᠯᠳᠤᠨ᠂ ᠮᠠᠨ ᠤ ᠠᠶᠢᠮᠠᠭ ︽ᠪᠦᠲᠦᠭᠡᠨ ᠪᠠᠶᠢᠭᠤᠯᠤᠯᠲᠠ︾  ᠎ ᠶᠢᠨ ᠲᠡᠷᠢᠭᠦᠨ ᠤ ᠬᠡᠮᠵᠢᠶ᠎ᠡ ᠶᠢ ᠨᠠᠩ ᠢᠯᠡᠭᠦᠦ ᠳᠣᠪᠤᠶᠢᠯᠭᠠᠵᠤ᠂ ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠭᠡᠨ᠂ ᠡᠯ᠎ᠡ ᠱᠠᠲᠤᠨ ᠤ ᠴᠢᠳᠠᠮᠵᠢ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠴᠢᠨᠠᠷ ᠲᠠᠰ ᠢ ᠳᠡᠭᠡᠭᠰᠢᠯᠡᠭᠦᠯᠦᠨ᠂ ᠠᠵᠤ ᠦᠢᠯᠡᠰ ᠤᠨ ᠰᠦᠷᠦᠭᠯᠡᠯ᠂ ᠦᠢᠯᠡᠴᠢᠯᠡᠭᠡᠨ ᠤ ᠲᠥᠪᠯᠡᠷᠡᠯ᠂ ᠬᠥᠮᠥᠰ ᠤᠨ ᠬᠦᠷᠢᠶᠡᠯᠡᠯ ᠢ ᠬᠦᠴᠦᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ ᠤᠨ ᠬᠦᠢᠰᠦ ᠣᠷᠣᠨ ᠪᠦᠰᠡ ᠶᠢ ᠪᠠᠶᠢᠭᠤᠯᠬᠤ᠂ ᠣᠳᠣᠬᠢᠴᠢᠯᠠᠭᠰᠠᠨ ᠬᠤᠲᠠ ᠶᠢᠨ ᠡᠩᠨᠡᠭᠡᠨ ᠳᠤ ᠡᠷᠡᠯᠬᠡᠭᠯᠡᠨ ᠤᠷᠤᠭᠰᠢᠯᠠᠬᠤ ᠳᠤ ᠡᠯ᠎ᠡ ᠱᠠᠲᠤᠨ ᠤ ᠡᠯ᠎ᠡ ᠲᠥᠷᠥᠯ ᠤᠨ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃      ᠡᠨᠡ ᠵᠢᠯ᠂ ᠰᠢᠯᠢ ᠶᠢᠨ ᠭᠤᠣᠯ ᠠᠶᠢᠮᠠᠭ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠥᠯᠥᠪᠯᠡᠨ ᠠᠬᠢᠭᠤᠯᠵᠤ᠂ ᠨᠢᠭᠡᠨ ᠢᠵᠢ ᠪᠦᠷᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠡᠭᠦᠨ ᠳᠤ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ ᠭᠦᠢᠴᠡᠳᠭᠡᠬᠦ ᠲᠦᠪᠯᠡᠷᠡᠩᠭᠦᠢ ᠪᠤᠭᠤᠮᠲᠠ ᠰᠢᠪᠲᠤᠯᠤᠯᠲᠠ᠂ ᠠᠵᠢᠯ ᠡᠬᠢᠯᠡᠭᠦᠯᠬᠦ ᠤᠯᠠᠷᠢᠯ ᠤᠨ ᠳᠠᠶᠢᠴᠢᠯᠠᠯᠲᠠ᠂ ᠲᠤᠰᠬᠠᠢ ᠰᠡᠳᠦᠪᠲᠦ ᠬᠤᠷᠠᠯ ᠤᠨ ᠲᠣᠬᠢᠷᠠᠭᠤᠯᠤᠯᠲᠠ᠂ ᠵᠢᠯ ᠤᠨ ᠡᠴᠦᠰ ᠲᠤ ᠪᠥᠬᠦ ᠲᠠᠯ᠎ᠠ ᠪᠠᠷ ᠬᠢᠨᠠᠨ ᠰᠢᠯᠭᠠᠵᠤ ᠠᠳᠠᠯᠢᠳᠬᠠᠨ ᠰᠢᠯᠭᠠᠷᠠᠭᠤᠯᠬᠤ ᠵᠡᠷᠭᠡ ᠠᠬᠢᠭᠤᠯᠬᠤ ᠲᠣᠭᠲᠠᠴᠠ᠂ ᠴᠢᠬᠤᠯᠠ ᠶᠡᠭᠡ ᠲᠥᠷᠥᠯ ᠵᠦᠢᠯ ᠢ ᠠᠶᠢᠮᠠᠭ ᠬᠤᠰᠢᠭᠤᠨ ᠤ ᠤᠳᠤᠷᠢᠳᠤᠯᠭ᠎ᠠ ᠬᠤᠯᠪᠤᠭᠠᠯᠠᠨ ᠳᠠᠭᠠᠭᠠᠴᠢᠯᠠᠬᠤ᠂ ᠲᠦᠷᠦᠭᠦᠴᠢ  ᠶᠢᠨ  ᠬᠤᠭᠤᠴᠠᠭᠠᠨ  ᠤ  ᠭᠠᠷᠳᠠᠮ  ᠢ  ᠬᠤᠶᠠᠷ  ᠱᠠᠲᠤᠨ  ᠤ  ᠰᠠᠯᠠᠭ᠎ᠠ  ᠮᠥᠴᠢᠷ  ᠬᠤᠯᠪᠤᠭᠠᠯᠠᠨ  ᠳᠠᠭᠠᠭᠠᠴᠢᠯᠠᠬᠤ᠂ ᠴᠢᠬᠤᠯᠠ ᠶᠡᠭᠡ ᠲᠥᠷᠥᠯ ᠵᠦᠢᠯ ᠤᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠵᠡᠷᠭᠡ ᠵᠣᠬᠢᠴᠠᠭᠤᠯᠬᠤ ᠲᠣᠭᠲᠠᠴᠠ᠂ ᠴᠢᠬᠤᠯᠠ ᠶᠡᠭᠡ ᠲᠥᠷᠥᠯ ᠵᠦᠢᠯ ᠤᠨ ᠭᠠᠷᠠᠭ ᠤᠨ ᠲᠣᠬᠢᠷᠠᠭᠤᠯᠤᠯᠲᠠ᠂ ᠰᠠᠷ᠎ᠠ ᠪᠠᠷ ᠵᠠᠷᠯᠠᠨ ᠮᠡᠳᠡᠭᠳᠡᠬᠦ ᠲᠣᠬᠢᠷᠠᠭᠤᠯᠤᠯᠲᠠ ᠶᠢᠨ ᠲᠣᠭᠲᠠᠴᠠ ᠶᠢ ᠪᠠᠭᠲᠠᠭᠠᠵᠦ᠂ ᠲᠥᠷᠥᠯ ᠵᠦᠢᠯ ᠤᠨ ᠲᠦᠷᠦᠭᠦᠴᠢ ᠶᠢᠨ ᠬᠤᠭᠤᠴᠠᠭᠠᠨ ᠤ ᠭᠠᠷᠳᠠᠮ ᠢ ᠭᠦᠢᠴᠡᠳᠭᠡᠬᠦ ᠪᠤᠭᠤᠮᠲᠠ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠭᠠᠷᠳᠠᠮ ᠢ ᠭᠦᠢᠴᠡᠳᠭᠡᠬᠦ ᠠᠬᠢᠴᠠ ᠶᠢ ᠵᠦᠢᠯ ᠵᠤᠷᠪᠤᠰ ᠳᠠᠷᠠᠭᠠᠯᠠᠨ ᠬᠠᠷᠭᠤᠭᠤᠯᠵᠤ᠂ ᠭᠠᠷᠳᠠᠮ ᠢ ᠬᠢᠨᠠᠨ ᠵᠥᠪᠰᠢᠶᠡᠷᠡᠬᠦ ᠶᠠᠪᠤᠴᠠ ᠶᠢ ᠨᠠᠷᠢᠯᠢᠭᠵᠢᠭᠤᠯᠤᠨ᠂ ᠡᠯ᠎ᠡ ᠭᠤᠭᠴᠤᠭ᠎ᠠ ᠶᠢᠨ ᠬᠠᠷᠢᠭᠤᠴᠠᠯᠭᠠᠲᠤ ᠨᠢᠭᠡᠴᠢ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠭᠤᠣᠯ ᠤᠳᠤᠷᠢᠳᠤᠯᠭ᠎ᠠ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠲᠥᠷᠥᠯ ᠵᠦᠢᠯ ᠤᠨ ᠠᠰᠠᠭᠤᠳᠠᠯ ᠢ ᠨᠢᠭᠡᠳ ᠨᠢᠭᠡ ᠪᠠᠷ ᠰᠤᠳᠤᠯᠵᠤ᠂ ᠭᠠᠷᠳᠠᠮ ᠢ ᠬᠦᠢᠴᠡᠳᠭᠡᠬᠦ ᠶᠢ ᠠᠬᠢᠭᠤᠯᠪᠠ᠃ ᠠᠷᠠᠯᠵᠢᠶᠠᠴᠢᠨ ᠤᠷᠢᠵᠤ ᠪᠡᠯᠡ ᠲᠠᠲᠠᠬᠤ ︽ᠲᠡᠷᠢᠭᠦᠨ ᠢᠨᠵᠧᠨᠧᠷᠢᠩ︾ ᠢ ᠨᠠᠷᠢᠯᠢᠭ ᠤᠨᠤᠪᠴᠢᠲᠠᠢ ᠪᠠᠷ ᠲᠥᠯᠥᠪᠯᠡᠵᠦ᠂ ︽ᠰᠢᠯᠢ ᠶᠢᠨ ᠭᠤᠣᠯ ᠠᠶᠢᠮᠠᠭ ᠤᠨ 2024 ᠣᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠲᠥᠰᠥᠯ︾᠎ ᠢ ᠳᠠᠷᠤᠮᠠᠯᠯᠠᠨ ᠲᠠᠷᠬᠠᠭᠠᠵᠤ᠂ ᠲᠤᠨᠤᠬᠯᠠᠯ ᠦᠢᠯᠡᠳᠭᠡᠯ ᠤᠨ ᠠᠵᠤ ᠦᠢᠯᠡᠰ ᠤᠨ ᠬᠡᠯᠬᠢᠶ᠎ᠡ᠂ ᠨᠦᠭᠡᠴᠡ ᠡᠨᠧᠷᠭᠢ ᠶᠢᠨ ᠳ᠋ᠢᠶᠠᠨ ᡂᠢ ᠶᠢᠨ ᠠᠵᠤ ᠦᠢᠯᠡᠰ ᠤᠨ ᠬᠡᠯᠬᠢᠶ᠎ᠡ᠂ ᠲᠡᠷᠢᠭᠦᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ᠂ ᠹᠯᠣᠷ ᠬᠢᠮᠢ ᠶᠢᠨ ᠠᠵᠤ ᠦᠢᠯᠡᠳᠪᠦᠷᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ᠂ ᠪᠤᠬᠢᠷᠳᠤᠯ ᠦᠬᠡᠢ ᠴᠠᠬᠢᠯᠭᠠᠨ + ᠴᠢᠨᠠᠷ ᠰᠠᠶᠢᠲᠠᠢ ᠡᠨᠧᠷᠬᠢ ᠶᠢᠨ ᠠᠵᠤ ᠦᠢᠯᠡᠰ ᠤᠨ ᠬᠡᠯᠬᠢᠶ᠎ᠡ᠂ ᠪᠤᠬᠢᠷᠳᠤᠯ ᠦᠬᠡᠢ ᠴᠠᠬᠢᠯᠭᠠᠨ + ᠤᠰᠤᠲᠥ᠋ᠷᠥᠭᠴᠢ ᠦᠢᠯᠡᠳᠬᠦ ᠰᠢᠪᠲᠦᠷ ᠦᠢᠯᠡᠳᠬᠦ ᠠᠯᠺᠣᠣᠯ ᠦᠢᠯᠡᠳᠬᠦ ᠠᠵᠤ ᠦᠢᠯᠡᠰ ᠤᠨ ᠬᠡᠯᠬᠢᠶ᠎ᠡ ᠵᠡᠷᠭᠡ ᠭᠤᠣᠯᠳᠠᠯᠭ᠎ᠠ ᠲᠠᠢ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠴᠢᠭᠯᠡᠯ ᠪᠤᠯᠭᠠᠵᠦ᠂ ᠠᠷᠠᠯᠵᠢᠶᠠᠴᠢᠨ ᠤᠷᠢᠬᠤ ᠠᠵᠢᠯ ᠤᠨ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠎ ᠶᠢᠨ ᠪᠡᠯᠡ ᠮᠥᠩᠭᠦ ᠶᠢ 334 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠬᠤ᠂ 15%᠎ ᠠᠴᠠ ᠳᠡᠭᠡᠭᠰᠢ ᠨᠡᠮᠡᠭᠳᠡᠭᠦᠯᠬᠦ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠪᠥᠬᠦ ᠠᠶᠢᠮᠠᠭ ᠤᠨ 2024 ᠣᠨ ᠳᠤ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠢᠢᠨ ᠪᠡᠯᠡ ᠮᠥᠩᠭᠦ ᠶᠢ 377 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠬᠤ᠂ 30%᠎ ᠪᠠᠷ ᠨᠡᠮᠡᠭᠳᠡᠭᠦᠯᠬᠦ ᠨᠠᠩ ᠥᠨᠳᠥᠷ ᠬᠠᠷᠠᠯᠲᠠ ᠶᠢ ᠰᠤᠳᠤᠯᠤᠨ ᠲᠤᠬᠲᠠᠭᠠᠵᠠᠢ᠃ ᠨᠢᠭᠡᠳᠦᠭᠡᠷ ᠤᠯᠠᠷᠢᠯ ᠳᠤ ᠠᠷᠠᠯᠵᠢᠶᠠᠴᠢᠨ ᠤᠷᠢᠵᠤ ᠪᠡᠯᠡ ᠲᠠᠲᠠᠬᠤ ᠵᠦᠪᠳᠡᠯᠴᠡᠭᠡᠷ ᠢ 42 ᠲᠣᠭᠲᠠᠵᠤ᠂ ᠵᠦᠪᠳᠡᠯᠴᠡᠭᠡᠷ ᠤᠨ ᠵᠣᠭᠤᠰ ᠤᠨ ᠲᠤᠭ᠎ᠠ 500 ᠳ᠋ᠦᠩᠰᠢᠭᠤᠷ  ᠲᠥᠭᠦᠷᠢᠭ  ᠢ ᠳᠠᠪᠠᠵᠤ᠂ ᠲᠤᠨᠤᠬᠯᠠᠯ ᠦᠢᠯᠡᠳᠭᠡᠯ᠂ ᠥᠩᠭᠡᠲᠦ  ᠲᠡᠮᠦᠷᠯᠢᠭ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠬᠥᠮᠥᠷᠭᠡᠯᠡᠨ  ᠬᠠᠳᠠᠭᠠᠯᠠᠬᠤ  ᠪᠠᠷᠠᠭᠠᠨ  ᠤ  ᠭᠦᠢᠯᠭᠡᠭᠡ᠂ ᠦᠢᠯᠡᠴᠢᠯᠡᠭᠡᠨ ᠤ ᠦᠢᠯᠡᠰ᠂ ᠰᠣᠶᠣᠯ ᠵᠢᠭᠤᠯᠴᠢᠯᠠᠯ ᠵᠡᠷᠭᠡ ᠣᠯᠠᠨ ᠬᠦᠷᠢᠶ᠎ᠡ ᠶᠢ ᠬᠠᠮᠤᠷᠴᠤ᠂ ᠵᠢᠩ ᠨᠧᠩ ᠤᠨ ᠰᠢᠯᠢ ᠶᠢᠨ ᠭᠤᠣᠯ ᠠᠶᠢᠮᠠᠭ ᠤᠨ ᠡᠨᠧᠷᠭᠢ ᠶᠢᠨ ᠲᠤᠨᠤᠬᠯᠠᠯ ᠦᠢᠯᠡᠳᠭᠡᠯ ᠤᠨ ᠠᠵᠤ ᠦᠢᠯᠡᠰ ᠤᠨ ᠬᠦᠷᠢᠶᠡᠯᠡᠩ᠂ ᠱᠠᠨ ᠰᠢ ᠶᠢᠨ ᠣᠯᠠᠨ ᠤᠯᠤᠰ ᠤᠨ ᠡᠨᠧᠷᠭᠢ ᠶᠢᠨ ᠰᠠᠯᠬᠢ ᠭᠡᠷᠡᠯ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ ᠵᠡᠷᠭᠡ ᠠᠷᠠᠯᠵᠢᠶᠠᠴᠢᠨ ᠤᠷᠢᠵᠤ ᠪᠡᠯᠡ ᠲᠠᠲᠠᠬᠤ ᠴᠢᠬᠤᠯᠠ ᠶᠡᠭᠡ ᠲᠥᠷᠥᠯ ᠵᠦᠢᠯ ᠢ ᠶᠠᠭ ᠠᠬᠢᠭᠤᠯᠵᠦ ᠪᠣᠶ᠃      ᠠᠵᠤ ᠠᠬᠤᠶᠢᠯᠠᠯ ᠳᠤ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠡᠭᠦᠳᠴᠦ ᠥᠭᠬᠦ ᠶᠢᠨ ᠲᠥᠯᠥᠭᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠬᠡᠷᠡᠭᠴᠡᠭᠡ ᠶᠢ ᠴᠢᠩᠭ᠎ᠠ ᠠᠩᠬᠠᠷᠴᠤ ᠦᠢᠯᠡᠴᠢᠯᠡᠭᠡ ᠪᠠᠨ ᠰᠠᠶᠢᠲᠤᠷ ᠬᠢᠵᠦ᠂ ᠠᠵᠢᠯ ᠶᠠᠪᠤᠳᠠᠯ ᠬᠦᠢᠴᠡᠳᠭᠡᠬᠦ ᠶᠠᠪᠤᠴᠠ ᠶᠢ ᠲᠠᠬᠢᠨ ᠰᠢᠯᠢᠳᠡᠭᠵᠢᠭᠦᠯᠬᠦ᠂ ᠮᠠᠲ᠋ᠧᠷᠢᠶᠠᠯ ᠢ ᠲᠠᠬᠢᠨ ᠪᠠᠭᠠᠰᠬᠠᠬᠤ᠂ ᠴᠠᠭ ᠢ ᠲᠠᠬᠢᠨ ᠪᠣᠭᠤᠨᠢᠰᠬᠠᠬᠤ᠂ ᠵᠠᠷᠤᠳᠠᠯ ᠢ ᠲᠠᠬᠢᠨ ᠪᠠᠭᠤᠷᠠᠭᠤᠯᠬᠤ᠂ ᠭᠦᠢᠴᠡᠳᠭᠡᠬᠦ ᠳᠤ ᠨᠡᠩ ᠲᠦᠭᠦᠮ ᠪᠣᠯᠭᠠᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠠᠵᠤ ᠠᠬᠤᠶᠢᠯᠠᠯ ᠪᠤᠯᠤᠨ ᠤᠯᠠᠨ ᠲᠦᠮᠡᠨ ᠢ ᠨᠡᠩ ᠬᠠᠨᠤᠮᠵᠢᠲᠠᠢ ᠪᠤᠯᠭᠠᠬᠤ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠵᠠᠢ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ︽ᠶᠡᠷᠦᠩᠬᠡᠶᠢᠯᠡᠭᠰᠡᠨ ᠨᠢᠭᠡ ᠴᠣᠩᠬᠤᠪᠴᠢ︾᠎ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ︽ᠬᠤᠶᠠᠷ ᠢ ᠲᠤᠰᠢᠶᠠᠬᠤ ᠠᠴᠠ ᠬᠡᠯᠲᠦᠷᠢᠭᠦᠯᠬᠦ︾᠎ ᠶᠢ ᠭᠦᠨᠵᠡᠭᠡᠢ ᠬᠡᠷᠡᠭᠵᠢᠭᠦᠯᠦᠨ᠂ ᠠᠵᠤ ᠠᠬᠤᠶᠢᠯᠠᠯ ᠢ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡ ᠬᠠᠨᠭ᠍ᠭᠠᠵᠦ᠂ ᠭᠤᠣᠯᠳᠠᠯᠭ᠎ᠠ ᠲᠠᠢ ᠠᠷᠠᠯᠵᠢᠶᠠᠴᠢᠨ ᠤᠷᠢᠵᠤ ᠪᠡᠯᠡ ᠲᠠᠲᠠᠬᠤ ᠲᠥᠷᠥᠯ ᠵᠦᠢᠯ ᠳᠤ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠪᠠ᠃      ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠢᠲᠡᠭᠡᠯ ᠢ ᠦᠷᠭᠦᠯᠵᠢᠯᠡᠨ ᠨᠡᠮᠡᠭᠳᠡᠭᠦᠯᠬᠦ ᠶᠢᠨ ᠲᠥᠯᠥᠭᠡ᠂ ᠰᠢᠯᠢ ᠶᠢᠨ ᠭᠤᠣᠯ ᠠᠶᠢᠮᠠᠭ ︽ᠡᠨᠧᠷᠭᠢ ᠶᠢᠨ ᠲᠤᠨᠤᠬᠯᠠᠯ ᠦᠢᠯᠡᠳᠭᠡᠯ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠠᠳᠤᠬᠰᠠᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠦᠷ ᠬᠡᠷᠡᠭᠵᠢᠭᠦᠯᠬᠦ ᠠᠷᠭ᠎ᠠ︾ ︽ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠰᠢᠯᠭᠠᠨ ᠬᠢᠨᠠᠵᠤ ᠱᠠᠩᠨᠠᠨ ᠬᠥᠬᠢᠭᠦᠯᠬᠦ ᠲᠦᠷ ᠬᠡᠷᠡᠭᠵᠢᠭᠦᠯᠬᠦ ᠠᠷᠭ᠎ᠠ︾ ︽ᠰᠢᠯᠢ ᠶᠢᠨ ᠭᠤᠣᠯ ᠠᠶᠢᠮᠠᠭ ᠤᠨ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠱᠠᠩᠨᠠᠯ ᠨᠥᠬᠦᠪᠦᠷᠢ ᠶᠢᠨ ᠰᠢᠯᠭᠠᠨ ᠦᠨᠡᠯᠡᠬᠦ ᠠᠷᠭ᠎ᠠ︾ ︽ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾᠎ ᠎ ᠢ  ᠵᠠᠯᠭᠠᠭ᠋ ᠎ᠠ ᠪᠠᠷ  ᠨᠡᠶᠢᠲᠡᠯᠡᠨ᠂ ᠪᠡᠯᠡ ᠮᠥᠩᠭᠦ ᠪᠠᠷ ᠱᠠᠩᠨᠠᠨ ᠬᠥᠬᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠭᠡᠬᠦ ᠶᠢ ᠵᠤᠷᠢᠬᠵᠢᠭᠤᠯᠪᠠ︔ ᠠᠷᠠᠯᠵᠢᠶᠠᠴᠢᠨ ᠤᠷᠢᠵᠤ ᠪᠡᠯᠡ ᠲᠠᠲᠠᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠡᠯᠡ ᠣᠷᠣᠭᠤᠯᠤᠯᠲᠠ ᠶᠢᠨ ᠭᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠡᠯ᠎ᠡ ᠭᠠᠵᠠᠷ ᠣᠷᠣᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠭᠡᠯ ᠲᠤᠭ᠎ᠠ ᠪᠠ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠤᠨ ᠨᠡᠷᠡᠰ ᠤᠨ ᠵᠢᠭᠰᠠᠭᠠᠯᠲᠠ ᠳᠤ ᠵᠢᠭᠰᠠᠭᠠᠨ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠡᠭᠦᠷᠭᠡ ᠪᠠᠨ ᠡᠮᠬᠢᠯᠡᠨ ᠪᠦᠷᠢᠳᠭᠡᠵᠦ᠂ ᠠᠬᠢᠴᠠ ᠪᠠᠨ ᠳᠡᠯᠭᠡᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠵᠦ᠂ ᠡᠯ᠎ᠡ ᠭᠠᠵᠠᠷ ᠤᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ︽ᠳᠣᠲᠣᠭᠠᠳᠤ ᠬᠦᠴᠦᠨ︾᠎ ᠢ ᠬᠥᠭᠵᠢᠭᠡᠵᠦ᠂ ᠲᠥᠷᠥᠯ ᠵᠦᠢᠯ ᠢ ᠶᠡᠬᠡᠪᠡᠷ ᠠᠳᠬᠤᠬᠤ᠂ ᠪᠥᠬᠦ ᠶᠠᠪᠤᠴᠠ ᠳᠤ ᠦᠢᠯᠡᠴᠢᠯᠡᠬᠦ ᠠᠵᠢᠯ ᠤᠨ ᠠᠭᠤᠷ ᠠᠮᠢᠰᠬᠤᠯ ᠢ ᠪᠣᠶ ᠪᠤᠯᠭᠠᠪᠠ᠃ ᠬᠦᠷᠢᠶᠡᠯᠡᠩ ᠲᠣᠭᠤᠷᠢᠭ ᠤᠨ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠬᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢᠨ ︽ᠴᠢᠬᠤᠯᠠ ᠰᠠᠭᠤᠷᠢ︾ ᠪᠤᠯᠭᠠᠵᠦ᠂ ᠪᠥᠬᠦ ᠠᠶᠢᠮᠠᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠦᠬᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠦᠷᠢᠶᠡᠯᠡᠩ ᠲᠣᠭᠤᠷᠢᠭ ᠤᠨ ᠵᠠᠮ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠬᠡᠢ ᠬᠠᠩᠭᠠᠬᠤ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠢᠵᠢ ᠪᠦᠷᠢᠳᠦᠭᠦᠯᠬᠦ ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠭᠢᠭᠤᠯᠪᠠ᠃      ᠲᠤᠰ ᠤᠳᠠᠭᠠᠨ ᠤ ᠲᠥᠷᠥᠯ ᠵᠦᠢᠯ ᠤᠨ ᠠᠵᠢᠯ ᠢ ᠡᠬᠢᠯᠡᠭᠦᠯᠵᠦ ᠦᠢᠯᠡᠳᠪᠦᠷᠢᠯᠡᠯ ᠢ ᠰᠡᠷᠭᠦᠭᠡᠭᠰᠡᠨ ᠶᠠᠪᠤᠳᠠᠯ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠬᠤᠯᠪᠤᠬᠳᠠᠯ ᠪᠦᠬᠦᠢ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠵᠠᠩᠭᠢᠯᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠦ᠂ ᠮᠥᠨ ᠴᠦ ᠮᠠᠨ ᠤ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠲᠥᠷᠥᠯ ᠵᠦᠢᠯ ᠢ ᠶᠡᠭᠡ ᠪᠠᠷ ᠠᠳᠬᠤᠠ᠂ ᠲᠣᠮᠣ ᠲᠥᠷᠥᠯ ᠵᠦᠢᠯ ᠢ ᠰᠠᠶᠢᠳᠤᠷ ᠠᠳᠬᠤᠭᠰᠠᠨ ᠦᠷ᠎ᠡ ᠪᠦᠲᠦᠭᠡᠯ ᠤᠨ ᠨᠢᠭᠡ ᠤᠳᠠᠭᠠᠨ ᠤ ᠲᠥᠪᠯᠡᠷᠡᠩᠭᠦᠢ ᠢᠯᠡᠷᠡᠯ ᠪᠤᠯᠤᠨ᠎ᠠ᠃ ᠡᠨᠡ ᠨᠢ ᠮᠠᠨ ᠤ ᠠᠶᠢᠮᠠᠭ ᠤᠨ ᠠᠵᠤ ᠦᠢᠯᠡᠰ ᠤᠨ ᠲᠠᠰ ᠳᠡᠪᠰᠢᠬᠦ ᠶᠢ ᠪᠡᠶᠡᠯᠡᠭᠦᠯᠬᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠢ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠬᠤ ᠪᠤᠯᠤᠨ᠎ᠠ᠃                                                      ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号