ᠠᠶᠢᠮᠠᠭ ᠤᠨ ᠵᠠᠬᠢᠷᠭ᠎ᠠ 2024 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
     ᠰᠠᠷ᠎ᠠ ᠶᠢᠨ 18᠎ ᠤ ᠡᠳᠦᠷ᠂ ᠠᠶᠢᠮᠠᠭ ᠤᠨ ᠵᠠᠬᠢᠷᠭ᠎ᠠ 2024 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠪᠡ᠃      ᠬᠤᠷᠠᠯ ᠠᠴᠠ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ ᠪᠣᠯᠣᠨ ᠵᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠶᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠨᠢᠭᠡᠨᠲᠡ ᠪᠠᠶᠢᠭ᠎ᠠ ᠠᠵᠢᠯ ᠤᠨ ᠰᠠᠭᠤᠷᠢᠨ ᠳᠡᠭᠡᠷ᠎ᠡ᠂ ᠵᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠤᠨ᠂ ᠪᠣᠳᠠᠲᠠᠢ ᠲᠥᠷᠥᠯ ᠵᠦᠢᠯ ᠪᠠ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠲᠥᠷᠥᠯ ᠵᠦᠢᠯᠴᠢᠯᠡᠨ ᠠᠬᠢᠭᠤᠯᠬᠤ᠂ ᠨᠠᠷᠢᠨ ᠲᠠᠩᠰᠠ ᠶᠢᠨ ᠬᠡᠯᠪᠡᠷᠢ ᠪᠠᠷ ᠬᠠᠮᠢᠶᠠᠷᠬᠤ᠂ ᠬᠠᠷᠢᠭᠤᠴᠠᠯᠭ᠎ᠠ ᠶᠢᠨ ᠳᠦᠷᠢᠮ ᠢᠶᠠᠷ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠬᠤᠷᠳᠤᠴᠠ ᠶᠢ ᠲᠦᠷᠭᠡᠳᠭᠡᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠠᠬᠢᠴᠠ ᠶᠢ ᠠᠳᠬᠤᠨ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠨᠠᠶᠢᠳᠠᠪᠤᠷᠢᠵᠢᠭᠤᠯᠤᠯᠳᠠ ᠶᠢ ᠠᠳᠬᠤᠵᠦ᠂ ᠠᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠤᠳᠤ ᠦᠶ᠎ᠡ ᠶᠢᠨ ᠲᠥᠬᠦᠭᠡᠷᠦᠮᠵᠢᠳᠦ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠰᠤᠳᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠠᠷ ᠭᠠᠷᠳᠠᠴᠠ ᠪᠣᠯᠭᠠᠵᠤ᠂ ᠪᠡᠯᠴᠢᠭᠡᠷ ᠤᠨ ᠲᠠᠭᠠᠭᠠᠴᠡ ᠠᠴᠠ ᠭᠡᠳᠦᠷᠡᠳᠡᠯ᠎ᠠ ᠮᠠᠯᠵᠢᠬᠤ ᠠᠰᠠᠭᠤᠳᠠᠯ ᠢ ᠰᠶᠢᠳᠪᠦᠷᠢᠯᠡᠬᠦ ᠪᠠ ᠢᠳᠡᠭᠡᠨ ᠤᠮᠳᠠᠭᠠᠨ ᠤ ᠦᠢᠯᠡᠳᠪᠦᠷᠢᠯᠡᠯ ᠤᠨ ᠭᠤᠬᠴᠤᠭᠠᠨ ᠤ ᠠᠮᠤᠷ ᠲᠦᠪᠰᠢᠨ ᠢ ᠪᠠᠲᠤᠯᠠᠬᠤ ᠲᠡᠭᠡᠷ᠎ᠠ ᠠᠩᠬᠠᠷᠤᠯ ᠢᠶᠠᠨ ᠲᠥᠪᠯᠡᠷᠡᠭᠦᠯᠵᠦ᠂ ᠲᠥᠬᠦᠭᠡᠷᠦᠮᠵᠢᠳᠦ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠤᠯᠠᠮ ᠴᠢᠩᠭᠠᠷᠠᠭᠤᠯᠵᠤ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠲᠣᠭᠲᠠᠭᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠳᠤᠯᠠᠭᠠᠯᠠᠭ᠎ᠠ ᠶᠢᠨ ᠪᠠᠲᠤᠯᠠᠭ᠎ᠠ ᠶᠢᠨ ᠠᠵᠢᠯ ᠢ ᠰᠤᠳᠤᠯᠵᠤ᠂ ᠪᠡᠯᠡ ᠬᠤᠷᠠᠮᠳᠤᠭᠤᠯᠬᠤ ᠡᠷᠴᠢᠮ ᠢᠶᠠᠨ ᠴᠢᠩᠭᠠᠷᠠᠭᠤᠯᠦᠨ᠂ ᠲᠦᠷᠦᠯ ᠵᠦᠢᠯ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠤᠯᠠᠭᠠᠯᠠᠭ᠎ᠠ ᠶᠢᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠣᠯᠣᠨ ᠠᠵᠢᠯ ᠲᠦᠷᠦᠯ ᠤᠨ ᠬᠢᠨᠠᠨ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠳᠤᠯᠠᠭᠠᠯᠠᠬᠤ ᠢᠨᠵᠧᠨᠧᠷᠢᠩ ᠢᠶᠠᠷ ᠠᠷᠠᠳ ᠤᠨ ᠤᠷᠤᠨ ᠰᠠᠭᠤᠴᠠ ᠪᠠ ᠰᠡᠳᠭᠢᠯ ᠢ ᠦᠨᠡᠨ ᠬᠦ ᠳᠤᠯᠠᠭᠠᠴᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃                                                        ᠣᠷᠴᠢᠭᠤᠯᠣᠭᠴᠢ᠄ ᠣᠶᠣᠩᠬᠤᠸᠠᠷ      
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号