ᠪᠥᠬᠦ ᠠᠶᠢᠮᠠᠭ ᠤᠨ ᠮᠢᠬᠠᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠳᠡ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/19
     4 ᠰᠠᠷ᠎ᠠ ᠶᠢᠨ 17 ᠤ ᠡᠳᠦᠷ᠂ ᠪᠦᠬᠦ ᠠᠶᠢᠮᠠᠭ ᠤᠨ ᠮᠢᠬᠠᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠰᠢᠯᠢ ᠶᠢᠨ ᠬᠤᠳᠠ ᠳᠤ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠷᠢᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠮᠡᠳᠡᠭᠳᠡᠪᠡ᠃ ᠮᠢᠬᠠᠨ ᠤ ᠦᠬᠡᠷ ᠤᠨ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠮᠢᠬᠠᠨ ᠤ ᠦᠬᠡᠷ ᠲᠡᠵᠢᠭᠡᠨ ᠦᠷᠡᠵᠢᠭᠦᠯᠬᠦ᠂ ᠪᠣᠷᠳᠣᠨ ᠲᠠᠷᠭᠤᠯᠠᠭᠤᠯᠬᠤ᠂ ᠡᠳ᠋ᠰᠢᠭᠦᠯᠦᠨ ᠪᠤᠯᠪᠠᠰᠤᠷᠠᠭᠤᠯᠬᠤ᠂ ᠪᠣᠷᠣᠯᠠᠭᠤᠯᠬᠤ ᠵᠡᠷᠭᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠮᠢᠬᠠᠨ ᠤ ᠦᠬᠡᠷ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠣᠯ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠠᠬᠢᠭᠤᠯᠬᠤ᠂ ᠤᠯᠤᠰ ᠤᠨ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢᠨ ᠴᠢᠬᠤᠯᠠ ᠭᠠᠷᠳᠠᠴᠠ ᠪᠣᠯᠣᠨ᠎ᠠ᠃ ᠦᠷ᠎ᠠ ᠶᠢᠨ ᠢᠷᠡᠯᠲᠡ ᠭᠡᠭᠦ ᠡᠨᠡ ᠭᠦ ᠵᠠᠩᠭᠢᠯᠠᠭ᠎ᠠ ᠶᠢ ᠴᠢᠩᠭ᠎ᠠ ᠠᠳᠬᠤᠵᠤ᠂ ᠰᠢᠯᠢᠳᠡᠭ ᠡᠭᠦᠯᠳᠡᠷ ᠤᠨ ᠦᠬᠡᠷ ᠢ ᠥᠷᠭᠡᠳᠬᠡᠨ ᠦᠷᠡᠵᠢᠭᠦᠯᠬᠦ ᠡᠷᠴᠢᠮ ᠢ ᠴᠢᠩᠭᠠᠷᠠᠭᠤᠯᠦᠨ᠂ ᠮᠢᠬᠠᠨ ᠤ ᠦᠬᠡᠷ ᠤᠨ ᠡᠭᠦᠯᠳᠡᠷ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠠᠮᠢ ᠠᠬᠤᠢ ᠶᠢ ᠤᠷᠢᠳ ᠢᠶᠠᠷ ᠪᠤᠳᠤᠯᠭᠢᠯᠬᠠᠤ᠂ ᠪᠣᠬᠢᠷᠲᠤᠯ ᠦᠭᠡᠢ ᠬᠦ᠋ᠭᠵᠢᠭᠦᠯᠬᠦ ᠶᠢ ᠪᠠᠷᠢᠮᠲᠠᠯᠠᠵᠤ᠂ ︽ᠬᠤᠨᠢ ᠶᠢ ᠴᠥᠭᠡᠴᠢᠯᠡᠨ ᠦᠬᠡᠷ ᠢ ᠨᠡᠮᠡᠭᠳᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠦᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠵᠢᠴᠢ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠮᠢᠬᠠᠨ ᠤ ᠦᠬᠡᠷ ᠢ ᠬᠡᠪᠴᠢᠶᠡᠵᠢᠭᠦᠯᠦᠨ ᠬᠠᠰᠢᠶᠠᠯᠠᠨ ᠲᠡᠵᠢᠭᠡᠭᠦ ᠶᠢ ᠯᠠᠪᠳᠠᠭᠤᠨ ᠠᠬᠢᠭᠤᠯᠵᠤ᠂ ᠲᠡᠵᠢᠭᠡᠯ ᠪᠣᠷᠳᠤᠭ᠎ᠠ ᠶᠢᠨ ᠬᠠᠩᠭᠠᠯᠭ᠎ᠠ ᠶᠢᠨ ᠴᠢᠳᠠᠪᠤᠷᠢ ᠶᠢ ᠪᠠᠲᠤᠯᠠᠨ᠂ ᠡᠷᠴᠢᠮᠵᠢᠭᠦᠯᠦᠭᠰᠡᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠡᠷᠤᠭᠡ ᠳᠤ ᠦᠷᠡᠵᠢᠭᠦᠯᠵᠦ ᠠᠵᠤ ᠠᠬᠤᠶᠢᠯᠠᠯ ᠳᠤ ᠪᠤᠷᠳᠤᠨ ᠳᠠᠷᠭᠤᠯᠠᠭᠤᠯᠬᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠠᠷᠠᠯᠵᠢᠶᠠᠴᠢᠨ ᠤᠷᠢᠵᠤ ᠪᠡᠯᠡ ᠲᠠᠳᠠᠬᠤ ᠵᠡᠷᠭᠡ ᠲᠠᠯ᠎ᠠ ᠪᠠᠷ ᠬᠦᠴᠦᠯᠡᠵᠦ᠂ ᠮᠢᠬᠠᠨ ᠤ ᠦᠬᠡᠷ ᠤᠨ ᠠᠵᠤ ᠦᠢᠯᠡᠰ ᠤᠨ ᠨᠠᠷᠢᠯᠢᠭ ᠡᠳ᠋ᠰᠢᠭᠦᠯᠤᠨ ᠪᠤᠯᠪᠠᠰᠤᠷᠠᠭᠤᠯᠤᠯᠳᠡ ᠪᠠ ᠪᠣᠬᠢᠷᠲᠤᠯ ᠦᠭᠡᠢ ᠣᠷᠭᠠᠨᠢᠭ ᠨᠡᠷᠡᠳᠦ ᠲᠡᠮᠳᠡᠭ ᠢ  ᠡᠭᠦᠳᠬᠦ  ᠠᠵᠢᠯ  ᠢ  ᠪᠦᠬᠦ  ᠬᠦᠴᠦᠨ  ᠢᠶᠠᠷ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢ ᠤᠯᠠᠮ ᠤᠷᠲᠤᠳᠬᠠᠨ᠂ ᠪᠦᠳᠦᠭᠡᠭᠳᠡᠭᠦᠨ ᠤ ᠨᠡᠮᠡᠯᠲᠡ ᠦᠷᠳᠡᠭ ᠢ ᠨᠡᠮᠡᠭᠳᠡᠭᠦᠯᠬᠦ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠳᠡᠮᠵᠢᠯᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠵᠤ᠂ ᠲᠡᠵᠢᠭᠡᠨ ᠦᠷᠡᠵᠢᠭᠦᠯᠬᠦ ᠡᠷᠦᠬᠡ᠂ ᠬᠤᠷᠰᠢᠶᠠᠵᠢᠯ ᠪᠣᠯᠣᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠭᠦᠴᠢᠷ ᠠᠰᠠᠭᠤᠳᠠᠯ ᠢ ᠰᠶᠢᠳᠪᠦᠷᠢᠯᠡᠬᠦ ᠳᠤ ᠨᠡᠩ ᠰᠠᠶᠢᠨ ᠳᠡᠮᠵᠢᠯᠭᠡ ᠦᠵᠡᠭᠦᠯᠵᠦ᠂ ᠠᠵᠤ ᠦᠢᠯᠡᠰ ᠢ ᠴᠢᠩᠭᠠᠷᠠᠭᠤᠯᠬᠤ᠂ ᠮᠠᠯᠴᠢᠨ  ᠲᠠᠷᠢᠶᠠᠴᠢᠨ  ᠤ  ᠣᠷᠣᠯᠭ᠎ᠠ  ᠶᠢ  ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠭᠦ ᠤᠯᠠᠨ ᠲᠠᠯ᠎ᠠ ᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠠᠢ᠃      ᠠᠶᠢᠮᠠᠭ ᠤᠨ ᠤᠳᠤᠷᠢᠳᠤᠯᠭ᠎ᠠ ᠰᠦᠨ ᠵᠧᠨ ᠵᠢᠶᠠᠩ ᠬᠤᠷᠠᠯ ᠳᠤ ᠣᠷᠣᠯᠴᠠᠵᠤ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠣᠨ ᠠᠵᠤ ᠠᠬᠤᠶᠢᠯᠠᠯ ᠤᠨ ᠲᠥᠯᠥᠭᠡᠯᠡᠭᠴᠢᠳ ᠶᠠᠷᠢᠯᠴᠠᠬᠤ ᠬᠤᠷᠠᠯ ᠳᠤ ᠣᠷᠣᠯᠴᠠᠪᠠ᠃                                                        ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号