ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2024 ᠣᠨ ᠤ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/19
     4 ᠰᠠᠷ᠎ᠠ ᠶᠢᠨ 18 ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2024 ᠣᠨ ᠤ ᠵᠢᠷᠭᠤᠳᠤᠭᠠᠷ ᠤᠳᠠᠭ᠎ᠠ ᠶᠢᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠦᠨᠡᠨ ᠬᠦ ᠨᠠᠮ ᠤᠨ ᠲᠥᠪ ᠬᠤᠷᠢᠶᠠᠨ ᠤ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠭᠡᠬᠦ ᠡᠨᠡ ᠬᠦ ᠴᠢᠬᠤᠯᠠ ᠤᠯᠤᠰ ᠲᠦᠷᠦ ᠶᠢᠨ ᠡᠭᠦᠷᠭᠡ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠠᠨ︾ ᠢ ᠦᠨᠡᠨᠴᠢ ᠪᠠᠷ ᠬᠦᠷᠢᠶᠡᠯᠡᠵᠦ᠂ ︽ᠬᠤᠶᠠᠷ  ᠢ  ᠬᠠᠮᠠᠭᠠᠯᠠᠬᠤ  ︾  ᠶᠢ ᠡᠷᠡᠰ ᠪᠡᠶᠡᠯᠡᠭᠦᠯᠬᠦ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠶᠢᠳᠬᠡᠯ ᠥᠭᠬᠦ ᠳᠦᠷᠢᠮ︾ ᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠰᠤᠷᠤᠯᠴᠠᠬᠤ ᠳᠤ ᠦᠨᠡᠨ ᠬᠦ ᠬᠦᠴᠦᠯᠡᠵᠥ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠴᠢᠩᠭᠠᠳᠬᠠᠨ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠦ᠂ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠤᠨ᠂ ᠤᠯᠤᠰ ᠲᠦᠷᠦ ᠶᠢᠨ ᠲᠣᠭᠲᠠᠯ ᠬᠦᠴᠦᠨ ᠢᠶᠠᠨ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾  ᠢ ᠬᠡᠷᠡᠭᠵᠢᠭᠦᠯᠬᠦ ᠲᠠᠢ ᠨᠢᠭᠲᠠ ᠤᠶᠠᠯᠳᠤᠭᠤᠯᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠪᠠᠶᠢᠬᠤ ᠠᠰᠠᠭᠤᠳᠠᠯ ᠢ ᠴᠢᠩᠭ᠎ᠠ ᠴᠡᠭᠡᠷᠯᠡᠵᠦ᠂ ᠬᠤᠶᠠᠷ ᠲᠠᠯ᠎ᠠ ᠪᠠᠷ ᠠᠳᠬᠤᠵᠤ᠂ ᠬᠤᠶᠠᠷ ᠢ ᠴᠦᠮ ᠠᠬᠢᠭᠤᠯᠬᠤ ᠬᠡᠷᠡᠭᠲᠡᠢ᠃ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠵᠢᠴᠢ ᠤᠳᠤᠷᠢᠳᠬᠤ ᠪᠠᠭ ᠤᠨ ᠪᠦᠷᠢᠯᠳᠦᠭᠦᠨ ᠨᠠᠷ ᠪᠡᠶ᠎ᠡ ᠪᠠᠷ ᠢᠶᠠᠨ ᠬᠡᠪ ᠳᠦᠷᠢᠮ ᠦᠯᠢᠭᠡᠷ ᠳᠠᠭᠤᠷᠢᠶᠠᠯ ᠪᠣᠯᠵᠤ᠂ ᠵᠠᠷᠯᠢᠭ ᠴᠠᠭᠠᠵᠠ ᠶᠢ ᠲᠠᠭᠠᠵᠦ ᠰᠠᠬᠢᠯᠭ᠎ᠠ ᠪᠠᠲᠤ ᠶᠢ ᠰᠠᠬᠢᠠ᠂ ᠪᠡᠶ᠎ᠠ ᠪᠠᠷ ᠢᠶᠠᠨ ᠦᠢᠯᠡᠳᠦᠯᠭᠡᠵᠢᠬᠦᠯᠵᠦ᠂ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠠᠵᠢᠯ ᠢᠶᠠᠨ ᠰᠠᠶᠢᠳᠤᠷ ᠬᠢᠵᠦ᠂ ᠪᠦᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠬᠥᠲᠥᠯᠥᠨ ᠳᠠᠭᠠᠭᠤᠯᠵᠤ ᠳᠠᠶᠢᠴᠢᠯᠠᠬᠤ ᠬᠡᠷᠡᠭᠲᠡᠢ ᠭᠡᠵᠠᠢ᠃                                                   ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号