ᠪᠦᠬᠦ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠢᠴᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠢᠭᠤᠯᠴᠢᠯᠠᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/19
     4 ᠰᠠᠷ᠎ᠠ ᠶᠢᠨ 18 ᠤ ᠡᠳᠦᠷ᠂ ᠪᠦᠬᠦ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠢᠴᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠢᠭᠤᠯᠴᠢᠯᠠᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠰᠢᠯᠢ ᠶᠢᠨ ᠬᠤᠳᠠ ᠳᠤ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠳᠤ ᠣᠷᠣᠯᠴᠠᠬᠰᠠᠨ ᠪᠦᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠢᠭᠤᠯᠴᠢᠯᠠᠯ ᠢ ᠬᠥᠭᠵᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠦᠢᠯᠡᠳᠦᠯᠭᠡ ᠪᠣᠯᠬᠤ ᠪᠥᠭᠡᠳ ᠰᠢᠯᠢ ᠶᠢᠨ ᠭᠤᠣᠯ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠶᠠᠰᠦ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ᠂ ᠵᠠᠮ ᠳᠠᠭᠠᠤ ᠶᠢᠨ ᠮᠠᠯᠴᠢᠨ ᠲᠠᠷᠢᠶᠠᠴᠢᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠦᠴᠦᠯᠡᠴᠡ ᠶᠢᠨ ᠴᠡᠭ ᠪᠠ ᠰᠢᠪᠲᠤᠯᠤᠯᠲᠠ ᠶᠢᠨ ᠴᠡᠭ ᠪᠣᠯᠣᠨ᠎ᠠ᠃ ᠭᠠᠵᠠᠷ ᠣᠷᠣᠨ ᠤ ᠪᠣᠳᠠᠲᠠᠢ ᠪᠠᠶᠢᠳᠠᠯ ᠳᠤ ᠰᠠᠭᠤᠷᠢᠯᠠᠨ ᠵᠠᠮ ᠱᠤᠭᠤᠮ ᠤᠨ ᠲᠥᠯᠦᠪᠵᠢᠭᠦᠯᠭᠡ ᠶᠢ ᠨᠠᠶᠢᠷᠠᠭᠤᠯᠤᠨ ᠲᠡᠭᠦᠯᠳᠡᠷᠵᠢᠭᠦᠯᠵᠦ᠂ ᠰᠠᠭᠤᠷᠢ ᠲᠦᠭᠦᠭᠡᠷᠦᠮᠵᠢ ᠪᠠ ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠢᠭᠤᠯᠴᠢᠯᠠᠯ ᠤᠨ ᠡᠬᠢ ᠪᠠᠶᠠᠯᠢᠭ ᠢ ︽ᠠᠮᠢᠳᠤᠯᠢᠭ︾ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ︽ᠬᠥᠭᠵᠢᠶᠡᠨ ᠲᠠᠢ ᠪᠣᠯᠭᠠᠬᠤ︾ ᠬᠡᠷᠡᠭᠲᠡᠢ᠃ ᠰᠢᠯᠢᠳᠡᠭ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠢ ᠶᠡᠬᠡᠪᠡᠷ ᠲᠠᠳᠠᠨ ᠠᠪᠴᠢᠷᠠᠵᠤ ᠡᠯᠡᠰᠦᠷᠬᠡᠭ ᠭᠠᠵᠠᠷ ᠤᠨ ᠵᠢᠭᠤᠯᠴᠢᠯᠠᠯ ᠤᠨ ᠣᠷᠣᠨ ᠢ ᠬᠠᠮᠲᠤᠪᠠᠷ ᠪᠠᠶᠢᠭᠤᠯᠬᠤ ᠳᠤ ᠣᠷᠣᠯᠴᠠᠭᠤᠯᠦᠨ᠂ ᠡᠯᠡᠰᠦᠷᠬᠡᠭ ᠭᠠᠵᠠᠷ ᠤᠨ ᠵᠢᠭᠤᠯᠴᠢᠯᠠᠯ ᠤᠨ ᠰᠢᠨ᠎ᠡ ᠠᠵᠦ ᠦᠢᠯᠡᠰ ᠢ ᠭᠦᠨᠵᠡᠭᠡᠢ ᠠᠭᠤᠳᠠᠯᠤᠨ ᠥᠷᠭᠡᠳᠬᠡᠵᠦ᠂ ᠵᠢᠭᠤᠯᠴᠢᠯᠠᠭᠰᠠᠳ ᠤᠨ ᠵᠢᠭᠤᠯᠴᠢᠯᠠᠵᠦ ᠰᠠᠭᠤᠬᠤ ᠴᠠᠭ ᠢ ᠤᠷᠲᠤᠳᠬᠠᠨ᠂ ᠵᠢᠭᠤᠯᠴᠢᠯᠠᠯ ᠤᠨ ᠬᠦᠯᠢᠶᠡᠨ ᠠᠪᠴᠦ ᠵᠤᠴᠢᠯᠠᠬᠤ ᠬᠠᠩᠭᠠᠯᠭ᠎ᠠ ᠶᠢᠨ ︽ᠬᠡᠮᠵᠢᠶ᠎ᠡ︾᠂ ︽ᠴᠢᠨᠠᠷ︾  ᠢ ᠵᠡᠷᠭᠡᠪᠡᠷ ᠳᠡᠭᠡᠭᠰᠢᠯᠡᠬᠦᠯᠭᠦ ᠬᠡᠷᠡᠭᠲᠡᠢ᠃ ᠵᠠᠮ ᠳᠠᠭᠠᠤ ᠶᠢᠨ ᠮᠠᠯᠴᠢᠨ ᠲᠠᠷᠢᠶᠠᠴᠢᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠵᠢᠭᠤᠯᠴᠢᠯᠠᠯ ᠤᠨ ᠠᠵᠤ ᠦᠢᠯᠡᠰ ᠲᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠡᠯᠡᠰᠦᠷᠬᠡᠭ ᠭᠠᠵᠠᠷ ᠢ ᠵᠠᠰᠠᠬᠤ᠂ ᠠᠵᠤ ᠦᠢᠯᠡᠰ ᠢ ᠬᠥᠭᠵᠢᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠵᠡᠷᠭᠡ ᠣᠯᠠᠨ ᠲᠠᠯ᠎ᠠ ᠪᠠᠷ ᠠᠰᠢᠭ ᠭᠥᠷᠳᠡᠬᠦ ᠶᠢ ᠬᠦᠴᠦᠯᠡᠨ ᠪᠡᠶᠡᠯᠡᠭᠦᠯᠬᠦ ᠬᠡᠷᠡᠭᠲᠡᠢ ᠭᠡᠪᠡ᠃      ᠠᠶᠢᠮᠠᠭ ᠤᠨ ᠳᠡᠳ᠋ ᠳᠠᠷᠤᠭ᠎ᠠ ᠶᠠᠩ ᠯᠢ ᠬᠤᠷᠠᠯ ᠢ ᠡᠷᠭᠢᠯᠡᠪᠡ᠃ ᠬᠤᠷᠠᠯ ᠳᠡᠭᠡᠷ᠎ᠡ᠂ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠪᠥᠬᠦ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠢᠴᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠢᠭᠤᠯᠴᠢᠯᠠᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠪᠠ᠃ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠫᠷᠤᠹᠧᠰᠰᠤᠷ ᠪᠣᠯᠣᠨ ᠠᠵᠤ ᠠᠬᠤᠶᠢᠯᠠᠯ᠂ ᠺᠯᠦ᠋ᠪ ᠤᠨ ᠬᠠᠷᠢᠭᠤᠴᠠᠯᠭᠠᠲᠠᠨ ᠰᠢᠯᠢ ᠶᠢᠨ ᠭᠤᠣᠯ ᠤᠨ ᠰᠣᠶᠣᠯ ᠵᠢᠭᠤᠯᠴᠢᠯᠠᠯ ᠤᠨ ᠠᠵᠦ ᠦᠢᠯᠡᠰ ᠤᠨ ᠬᠥᠭᠵᠢᠯᠲᠡ ᠵᠢᠴᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠢᠭᠤᠯᠴᠢᠯᠠᠯ ᠤᠨ ᠣᠷᠣᠨ ᠢ ᠪᠦᠳᠦᠭᠡᠨ ᠪᠠᠶᠢᠭᠤᠯᠬᠤ᠂ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠴᠢᠭᠯᠡᠯ᠂ ᠵᠣᠷᠢᠯᠳᠡ ᠶᠢᠨ ᠭᠠᠵᠠᠷ ᠢ ᠳᠠᠨᠢᠯᠴᠠᠭᠤᠯᠤᠨ ᠲᠠᠶᠢᠴᠢᠯᠠᠬᠤ ᠵᠡᠷᠭᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃      ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠠᠵᠤ ᠠᠬᠤᠶᠢᠯᠠᠯ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃                                                  ᠣᠷᠴᠢᠭᠤᠯᠣᠭᠴᠢ᠄ ᠣᠶᠣᠩᠬᠤᠸᠠᠷ      
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号