ᠵᠠᠩ ᠪᠠᠢ ᠴᠧᠩ ᠰᠥᠨᠢᠳ ᠪᠠᠷᠠᠭᠤᠨ ᠬᠤᠰᠢᠭᠤ ᠡᠷᠢᠶᠡᠨ ᠬᠤᠲᠠ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/4/2
     4 ᠰᠠᠷ᠎ᠠ ᠶᠢᠨ 1᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠤᠷᠢᠳ ᠬᠤᠵᠢᠳ ᠰᠥᠨᠢᠳ ᠪᠠᠷᠠᠭᠤᠨ ᠬᠤᠰᠢᠭᠤ᠂ ᠡᠷᠢᠶᠡᠨ ᠬᠤᠳᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃      ᠵᠠᠩ ᠪᠠᠢ ᠴᠧᠩ ᠰᠥᠨᠢᠳ ᠪᠠᠷᠠᠭᠤᠨ ᠬᠤᠰᠢᠭᠤᠨ ᠤ ᠬᠤᠣᠰ ᠪᠥᠬᠦᠲᠦ ᠲᠡᠮᠡᠭᠡ ᠦᠷᠡᠵᠢᠭᠦᠯᠦᠨ ᠪᠤᠶᠢᠵᠢᠭᠤᠯᠬᠤ ᠰᠠᠭᠤᠷᠢᠨ᠂ ᠵᠦᠩ ᠴᠠ ᠰᠢᠨ᠎ᠡ ᠡᠨᠧᠷᠭᠢ ᠶᠢᠨ ᠬᠦᠨᠳᠦ ᠠᠵᠤ ᠦᠢᠯᠡᠳᠪᠦᠷᠢ ︵ᠥᠪᠥᠷ ᠮᠣᠩᠭᠤᠯ︶᠎ ᠶᠢᠨ ᠬᠢᠵᠠᠭᠠᠷᠲᠤ ᠺᠣᠮᠫᠠᠨᠢ᠂ ᠰᠠᠨ ᠢ ᠰᠢᠯᠢ ᠶᠢᠨ ᠭᠤᠣᠯ ᠤᠨ ᠤᠶᠤᠨᠴᠢ ᠦᠢᠯᠡᠳᠭᠡᠯ ᠤᠨ ᠠᠵᠤ ᠦᠢᠯᠡᠰ ᠤᠨ ᠬᠦᠷᠢᠶᠡᠯᠡᠩ᠂ ᠰᠢᠨ ᠮᠧᠩ ᠰᠢᠨ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠡᠵᠡᠩᠨᠡᠯᠲᠡ᠂ ᠮᠠᠯ ᠠᠵᠤ ᠠᠬᠤᠢ ᠶᠢᠨ ᠬᠥᠭᠵᠢᠯᠲᠡ᠂ ᠠᠵᠤ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠲᠦᠷᠦᠯ ᠵᠦᠢᠯ ᠢ ᠴᠢᠩᠭ᠎ᠠ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠦᠨ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠬᠢᠴᠠ ᠪᠠᠨ ᠲᠦᠷᠭᠡᠳᠬᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠳᠠᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ᠂ ᠴᠠᠬᠢᠯᠭᠠᠨ ᠰᠤᠷᠪᠤᠯᠵᠢ ᠴᠠᠬᠢᠯᠭᠠᠨ ᠲᠣᠣᠷ ᠲᠠᠭᠠᠭᠠᠴᠠ ᠨᠦᠭᠡᠴᠡ  ᠡᠨᠧᠷᠭᠢ ᠶᠢ ᠨᠢᠭᠡ ᠴᠣᠭᠴᠠᠵᠢᠭᠤᠯᠬᠤ᠂ ᠰᠢᠨ᠎ᠡ ᠬᠡᠯᠪᠡᠷᠢ ᠶᠢᠨ ᠪᠢᠴᠢᠯ ᠴᠠᠬᠢᠯᠭᠠᠨ ᠲᠣᠣᠷ ᠵᠡᠷᠭᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠰᠢᠨ᠎ᠡ ᠡᠨᠧᠷᠭᠢ ᠶᠢᠨ ᠲᠤᠨᠤᠭᠯᠠᠯ ᠦᠢᠯᠡᠳᠭᠡᠯ ᠪᠠ ᠰᠢᠨ᠎ᠡ ᠬᠡᠯᠪᠡᠷᠢ ᠶᠢᠨ ᠨᠦᠭᠡᠴᠡ ᠡᠨᠧᠷᠭᠢ ᠵᠡᠷᠭᠡ ᠠᠵᠤ ᠦᠢᠯᠡᠰ ᠢ ᠶᠡᠬᠡᠪᠡᠷ ᠪᠤᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ᠃ ᠶᠠᠳᠠᠭᠤ ᠶᠢ ᠲᠡᠳᠬᠦᠬᠦ ᠲᠦᠷᠦᠯ ᠵᠦᠢᠯ ᠤᠨ ᠡᠳ᠋ ᠬᠥᠷᠥᠩᠭᠡ ᠶᠢ ᠰᠠᠶᠢᠲᠤᠷ ᠬᠠᠮᠢᠶᠠᠷᠴᠤ᠂ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠦᠨ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠦᠷᠲᠡᠭ ᠢ ᠪᠠᠲᠤᠯᠠᠵᠤ ᠦᠷᠲᠡᠭ ᠢ ᠨᠡᠮᠡᠭᠳᠡᠭᠦᠯᠦᠨ᠂ ᠤᠯᠠᠨ ᠲᠦᠮᠡᠨ ᠳᠤ ᠦᠷᠭᠦᠯᠵᠢᠯᠡᠨ ᠠᠰᠢᠭ ᠬᠦᠷᠲᠡᠭᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠴᠠᠭ ᠢᠮᠠᠭᠲᠠ ᠰᠠᠨᠠᠭ᠎ᠠ ᠳᠠᠯᠪᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠬᠤᠯᠪᠣᠭᠳᠠᠯ ᠪᠦᠬᠦᠢ ᠲᠠᠯ᠎ᠠ ᠶᠢᠨ ᠬᠢᠨ ᠦᠢᠯᠡᠴᠢᠯᠡᠭᠡ ᠪᠠᠳᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠶᠢ ᠠᠬᠢᠭᠤᠯᠦᠨ᠂ ᠡᠷᠲᠡᠬᠡᠨ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠵᠤ᠂ ᠠᠵᠤ ᠠᠬᠤᠶᠢᠯᠠᠯ ᠤᠨ ᠢᠲᠡᠭᠡᠯ ᠵᠣᠷᠢᠭ ᠢ ᠪᠠᠲᠤᠳᠬᠠᠵᠤ᠂ ᠰᠠᠨᠠᠭ᠎ᠠ ᠠᠮᠤᠷ ᠬᠥᠭᠵᠢᠭᠦᠯᠬᠦ ᠬᠡᠷᠡᠭᠲᠡᠢ ᠭᠡᠪᠡ᠃      ᠡᠷᠢᠶᠡᠨ ᠬᠤᠳᠠ ᠶᠢᠨ ᠰᠠᠶᠢᠬᠤᠰᠤ ᠭᠠᠴᠠᠭᠠᠨ ᠳᠤ᠂ ᠵᠠᠩ ᠪᠠᠢ ᠴᠧᠩ ᠲᠠᠷᠢᠶᠠᠯᠠᠩ ᠦᠢᠯᠡᠳᠪᠦᠷᠢᠯᠡᠯ ᠤᠨ ᠪᠠᠶᠢᠳᠠᠯ ᠢ ᠣᠶᠢᠯᠠᠭᠠᠵᠤ᠂ ᠤᠳᠤ ᠶᠢᠨ ᠪᠠᠶᠢᠭ᠎ᠠ ᠲᠠᠷᠢᠶᠠᠨ ᠭᠠᠵᠠᠷ ᠤᠨ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠵᠤ᠂ ᠤᠰᠤ ᠠᠷᠪᠢᠯᠠᠬᠤ ᠬᠡᠯᠪᠡᠷᠢ ᠶᠢᠨ ᠲᠦᠭᠦᠭᠡᠷᠦᠮᠵᠢᠳᠦ ᠲᠠᠷᠢᠶᠠᠯᠠᠩ ᠢ ᠶᠡᠬᠡᠪᠡᠷ ᠬᠥᠭᠵᠢᠭᠦᠯᠦᠨ᠂ ᠲᠠᠷᠢᠶᠠᠯᠠᠩ ᠤᠨ ᠤᠶᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠤᠯᠠᠮ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠵᠢᠶᠠ ᠸᠧᠨ ᠽᠥᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                     ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号