ᠠᠶᠢᠮᠠᠭ ᠤᠨ ᠨᠠᠮ ᠤᠨ ᠬᠤᠷᠢᠶ᠎ᠠ 2024 ᠣᠨ ᠤ ᠠᠷᠪᠠᠨ ᠲᠠᠪᠤᠳᠤᠭᠠᠷ ᠤᠳᠠᠭ᠎ᠠ ᠶᠢᠨ ᠬᠤᠷᠠᠯ ᠵᠢᠴᠢ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠳᠣᠯᠣᠳᠤᠭᠠᠷ ᠤᠳᠠᠭ᠎ᠠ ᠶᠢᠨ ᠬᠤᠷᠠᠯ᠂ ᠠᠶᠢᠮᠠᠭ ᠤᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/20
     4 ᠰᠠᠷ᠎ᠠ ᠶᠢᠨ 19᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2024 ᠣᠨ ᠤ ᠠᠷᠪᠠᠨ ᠲᠠᠪᠤᠳᠤᠭᠠᠷ ᠤᠳᠠᠭ᠎ᠠ ᠶᠢᠨ ᠬᠤᠷᠠᠯ ᠵᠢᠴᠢ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠳᠣᠯᠣᠳᠤᠭᠠᠷ ᠤᠳᠠᠭ᠎ᠠ ᠶᠢᠨ ᠬᠤᠷᠠᠯ᠂ ᠠᠶᠢᠮᠠᠭ ᠤᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 108 ᠳ᠋ᠤᠭᠠᠷ ᠤᠳᠠᠭ᠎ᠠ ᠶᠢᠨ ᠬᠤᠷᠠᠯ ᠵᠢᠴᠢ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ 8 ᠳ᠋ᠤᠭᠠᠷ ᠤᠳᠠᠭ᠎ᠠ ᠶᠢᠨ ᠬᠤᠷᠠᠯ᠂ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 10 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠠᠶᠢᠮᠠᠭ ᠤᠨ ᠨᠠᠮ ᠤᠨ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ᠂ ᠠᠶᠢᠮᠠᠭ ᠤᠨ ᠲᠠᠪᠤᠨ ᠶᠡᠭᠡ ᠡᠭᠦᠷᠭᠡ ᠶᠢ ᠪᠡᠶᠡᠯᠡᠭᠦᠯᠭᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠰᠬᠠᠢ ᠲᠦᠷᠦᠯ ᠤᠨ ᠲᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠶᠢᠳᠬᠡᠯ ᠥᠭᠬᠦ ᠳᠦᠷᠢᠮ︾ ᠎ ᠢ ᠨᠠᠷᠢᠨ ᠬᠢᠨᠠᠮᠠᠭᠠᠢ ᠰᠤᠷᠤᠯᠴᠠᠨ᠂ ᠪᠦᠯᠦᠭ ᠵᠤᠷᠪᠤᠰ ᠳᠠᠷᠠᠭᠠᠯᠠᠨ ᠰᠤᠳᠤᠯᠵᠤ᠂ ᠨᠠᠮ ᠤᠨ ᠰᠠᠬᠢᠯᠭ᠎ᠠ ᠪᠠᠲᠤ ᠭᠡᠭᠴᠢ ᠶᠠᠭᠤ ᠪᠣᠯᠬᠤ ᠶᠢ ᠦᠨᠡᠨ ᠬᠦ ᠲᠣᠳᠣᠷᠬᠠᠢ ᠣᠶᠢᠯᠠᠭᠠᠵᠤ᠂ ᠶᠠᠭᠤ ᠬᠢᠵᠦ ᠪᠣᠯᠬᠤ᠂ ᠶᠠᠭᠤ ᠬᠢᠵᠦ ᠦᠯᠦ ᠪᠣᠯᠬᠤ ᠶᠢ ᠣᠶᠢᠯᠠᠭᠠᠨ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠢᠶᠠᠨ ᠪᠠᠷᠢᠮᠵᠢᠶ᠎ᠠ ᠪᠣᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠬᠠᠤ ᠭᠤᠣᠯ ᠰᠢᠵᠢᠮ ᠲᠡᠭᠡᠷ᠎ᠠ ᠠᠩᠬᠠᠷᠤᠯ ᠢᠶᠠᠨ ᠲᠥᠪᠯᠡᠷᠡᠭᠦᠯᠵᠦ᠂ ᠨᠠᠮ ᠪᠣᠯᠣᠨ ᠤᠯᠤᠰ ᠤᠨ ᠭᠠᠳᠠᠭᠠᠳᠤ ᠬᠠᠷᠢᠯᠴᠠᠭᠠᠨ ᠤ ᠴᠢᠭᠯᠡᠯᠲᠡ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ︽ᠰᠠᠬᠢᠯᠭ᠎ᠠ ᠪᠠᠲᠤ ᠶᠢᠨ ᠪᠣᠭᠤᠮᠲᠠ︾᠂ ︽ᠭᠠᠳᠠᠭᠠᠳᠤ ᠳᠤ ᠠᠶᠢᠯᠴᠢᠯᠠᠬᠤ ᠪᠣᠭᠤᠮᠲᠠ︾᠂ ︽ᠠᠶᠤᠯ ᠲᠦᠭᠰᠢᠭᠦᠷᠢ ᠶᠢᠨ ᠪᠣᠭᠤᠮᠲᠠ︾ ᠭᠤᠷᠪᠠᠨ ᠪᠣᠭᠤᠮᠲᠠ ᠶᠢ ᠴᠢᠩᠭ᠎ᠠ ᠰᠠᠬᠢᠵᠤ᠂ ᠡᠷᠢᠶᠡᠨ ᠬᠤᠳᠠ᠂ ᠵᠡᠭᠦᠨ ᠬᠠᠲᠠᠪᠴᠢ ᠪᠣᠭᠤᠮᠲᠠ ᠶᠢᠨ ︽ᠬᠤᠶᠠᠷ ᠲᠤᠯᠬᠤ ᠴᠡᠭ︾ ᠎ ᠢ ᠪᠦᠬᠦ ᠬᠦᠴᠦᠨ ᠢᠶᠠᠷ ᠪᠠᠶᠢᠭᠤᠯᠵᠤ᠂ ᠭᠠᠳᠠᠭᠠᠳᠤ ᠶᠠᠪᠤᠳᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠴᠢᠩᠭ᠎ᠠ︾᠂ ︽ᠪᠣᠳᠠᠲᠠᠢ︾᠂ ︽ᠡᠷᠲᠡ︾᠂ ︽ᠲᠦᠷᠭᠡᠨ︾ ᠪᠠᠶᠢᠬᠤ ᠶᠢ ᠲᠤᠪᠤᠶᠢᠯᠭᠠᠨ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠬᠤᠶᠠᠷ ᠶᠡᠭᠡ ᠶᠠᠪᠤᠳᠠᠯ ᠤᠨ ᠦᠷ᠎ᠡ ᠪᠦᠲᠦᠭᠡᠯ ᠭᠠᠷᠭᠠᠬᠤ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠪᠥᠬᠦ ᠠᠶᠢᠮᠠᠭ ᠤᠨ ᠲᠦᠷᠦᠭᠦᠦ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠨᠠᠩ ᠣᠯᠠᠨ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠰᠠᠶᠢᠵᠢᠷᠠᠯᠳᠡ ᠶᠢᠨ ᠬᠠᠨᠳᠤᠰᠢ ᠶᠢ ᠪᠥᠬᠦ ᠬᠦᠴᠦᠨ ᠢᠶᠠᠷ ᠪᠠᠬᠢᠵᠢᠭᠦᠯᠦᠨ᠂ ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃                                                  ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号