ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 15 ᠤ ᠴᠠᠭᠢᠯᠭᠠᠠ ᠮᠡᠳᠡᠭᠡ 4 ᠰᠠᠷ᠎ᠠ ᠶᠢᠨ 16 ᠤ ᠡᠳᠦᠷ | ᠬᠡᠪᠯᠡᠭᠳᠡᠬᠦ 8 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ | ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠪᠠᠳᠠᠷᠠᠭᠤᠯᠤᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ | 2013 ᠣᠨ ᠤ 8 ᠰᠠᠷ᠎ᠠ ᠠᠴᠠ 2023 ᠣᠨ ᠤ 9 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ | ᠴᠢᠬᠤᠯᠠ ᠥᠭᠦᠯᠡᠯᠲᠡ ᠶᠢᠨ ᠬᠡᠰᠡᠭᠯᠡᠯ ᠪᠣᠯᠣᠨ᠎ᠠ᠃ | ᠵᠣᠬᠢᠶᠠᠯ ᠳᠤ᠂ ᠳᠤᠮᠳᠠᠳᠤ ᠶᠢᠨ ᠪᠣᠯᠪᠠᠰᠤᠨ ᠥᠨᠢ ᠤᠳᠠᠭᠠᠨ ᠤᠯᠠᠮᠵᠢᠯᠠᠯ ᠲᠠᠢ᠂ ᠶᠡᠷᠦ ᠠᠴᠠ ᠲᠠᠰᠤᠯᠳᠠᠭᠰᠠᠨ ᠦᠭᠡᠢ | ᠪᠠᠶᠢᠵᠤ᠂ ᠮᠠᠨ ᠤ ᠠᠭᠤᠤ ᠶᠡᠭᠡ ᠦᠨᠳᠦᠰᠦᠲᠡᠨ ᠢ ᠴᠣᠭᠴᠠᠯᠠᠭᠰᠠᠨ ᠶᠤᠮ᠃ ᠲᠡᠦᠬᠡ ᠶᠢᠨ ᠳᠤᠷᠠᠰᠬᠠᠯᠲᠤ ᠵᠦᠢᠯᠡᠰ ᠪᠠ | ᠰᠣᠶᠣᠯ ᠤᠨ ᠥᠪ ᠳᠤᠮᠳᠠᠳᠤ ᠶᠢᠨ ᠦᠨᠳᠦᠰᠦᠲᠡᠨ ᠤ ᠭᠧᠨ ᠪᠠ ᠤᠳᠤᠮᠰᠢᠯ ᠢ ᠠᠴᠢᠶᠠᠯᠠᠵᠤ᠂ ᠲᠠᠭᠢᠨ ᠡᠭᠦᠰᠴᠦ ᠪᠣᠯᠣᠰᠢ | ᠦᠭᠡᠢ᠂ ᠣᠷᠣᠯᠠᠭᠤᠯᠵᠤ ᠪᠣᠯᠣᠰᠢ ᠦᠭᠡᠢ ᠳᠤᠮᠳᠠᠳᠤ ᠶᠢᠨ ᠰᠢᠯᠢᠳᠡᠭ ᠪᠣᠯᠪᠠᠰᠤᠨ ᠤ ᠡᠬᠢ ᠪᠠᠶᠠᠯᠢᠭ ᠮᠥᠨ᠃ ᠮᠠᠨ ᠤ ᠡᠨᠡ | ᠦᠶ᠎ᠡ ᠶᠢᠨ ᠬᠥᠮᠥᠨ ᠳᠤ ᠬᠠᠷᠢᠶᠠᠯᠠᠭᠳᠠᠬᠤ ᠪᠠᠷ ᠪᠠᠷᠠᠬᠤ ᠦᠭᠡᠢ᠂ ᠪᠠᠰᠠ ᠦᠷ᠎ᠡ ᠬᠤᠶᠢᠴᠢᠰ ᠲᠤ ᠬᠠᠷᠢᠶᠠᠯᠠᠭᠳᠠᠨ᠎ᠠ᠃ | ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠪᠠᠨ ᠴᠢᠩᠭᠠᠳᠬᠠᠬᠤ᠂ ᠦᠷᠳᠡᠭ ᠢᠶᠠᠨ ᠠᠭᠤᠳᠠᠯᠬᠤ᠂ | ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠬᠤ ᠠᠵᠢᠯ ᠤᠨ ᠲᠤᠬᠠᠢ ᠨᠠᠮ ᠤᠨ ᠲᠥᠪ | ᠬᠤᠷᠢᠶ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠦᠪᠰᠢᠨ ᠢ ᠪᠦᠭᠦ ᠲᠠᠯ᠎ᠠ ᠪᠠᠷ | ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠶᠠᠷᠢᠭᠤᠯᠵᠤ᠂ ᠲᠡᠦᠬᠡ ᠪᠠᠷ ᠶᠠᠷᠢᠭᠤᠯᠵᠤ᠂ ᠰᠣᠶᠣᠯ ᠢᠶᠠᠷ | ᠶᠠᠷᠢᠭᠤᠯᠬᠤ ᠬᠡᠷᠡᠭᠲᠡᠢ᠃ ᠤᠯᠠᠮᠵᠢᠯᠠᠯᠲᠤ ᠰᠣᠶᠣᠯ ᠤᠨ ᠡᠬᠢ ᠪᠠᠶᠠᠯᠢᠭ ᠢ ᠰᠢᠰᠲ᠋ᠧᠮ ᠲᠠᠢ ᠡᠮᠬᠢᠯᠡᠵᠦ᠂ ᠬᠠᠭᠠᠨ ᠸᠠᠩ ᠤᠨ | ᠣᠷᠳᠣᠨ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ᠂ ᠥᠷᠭᠡᠨ ᠠᠭᠤᠳᠠᠮ ᠡᠬᠡ ᠭᠠᠵᠠᠷ ᠲᠤ | ᠳᠡᠯᠭᠡᠭᠳᠡᠵᠦ ᠪᠠᠶᠢᠭ᠎ᠠ ᠥᠪ ᠬᠥᠷᠥᠩᠭᠡ᠂ ᠡᠷᠲᠡᠨ ᠤ ᠨᠣᠮ ᠪᠢᠴᠢᠭ ᠲᠤ ᠪᠢᠴᠢᠭᠳᠡᠭᠰᠡᠨ ᠥᠰᠥᠭ ᠪᠢᠴᠢᠭ ᠢ ᠴᠥᠮ | ᠠᠮᠢᠯᠠᠭᠤᠯᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ | ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠰᠤᠳᠤᠯᠤᠨ ᠲᠠᠶᠢᠯᠪᠤᠷᠢᠯᠠᠬᠤ ᠪᠠ | ᠳᠡᠯᠭᠡᠨ ᠦᠵᠡᠭᠦᠯᠵᠦ ᠤᠯᠠᠮᠵᠢᠯᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠨᠤᠲᠤᠭ ᠤᠨ ᠰᠢᠯᠢᠳᠡᠭ ᠤᠯᠠᠮᠵᠢᠯᠠᠯᠲᠤ | ᠰᠣᠶᠣᠯ ᠢ ᠭᠦᠨᠵᠡᠭᠡᠢ ᠠᠭᠤᠳᠠᠯᠤᠨ᠂ ᠵᠠᠯᠭᠠᠮᠵᠢᠯᠠᠵᠤ᠂ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠳᠤ ᠮᠠᠨ ᠤ ᠤᠯᠤᠰ ᠤᠨ | ᠥᠨᠢ ᠤᠳᠠᠭᠠᠨ ᠲᠡᠦᠬᠡ ᠲᠠᠢ ᠲᠠᠷᠢᠶᠠᠯᠠᠭ᠎ᠠ ᠶᠢᠨ ᠪᠣᠯᠪᠠᠰᠤᠨ ᠤ ᠷᠢᠳᠢ ᠰᠢᠳᠢ ᠪᠣᠯᠣᠨ ᠴᠤᠭ ᠵᠢᠪᠬᠤᠭ᠎ᠠ ᠶᠢ ᠢᠯᠡᠷᠡᠭᠦᠯᠬᠦ | ᠬᠡᠷᠡᠭᠲᠡᠢ᠃ ᠤᠯᠤᠰ ᠤᠨ ᠤᠭᠢ ᠰᠢᠯᠢᠳᠡᠭ ᠵᠦᠢᠯ ᠢ ᠤᠯᠠᠮᠵᠢᠯᠠᠨ ᠵᠠᠯᠭᠠᠮᠵᠢᠯᠠᠬᠤ ᠪᠠ ᠪᠣᠳᠠᠰ ᠤᠨ ᠪᠤᠰᠤ ᠰᠣᠶᠣᠯ ᠤᠨ | ᠥᠪ ᠢ ᠬᠠᠮᠠᠭᠠᠯᠠᠬᠤ ᠶᠢ ᠳᠡᠮᠵᠢᠬᠦ ᠪᠠ ᠲᠡᠳᠬᠦᠬᠦ ᠪᠠᠨ ᠴᠢᠩᠭᠠᠳᠬᠠᠵᠤ᠂ ᠴᠥᠭᠡᠨ ᠲᠣᠭᠠᠲᠤ ᠦᠨᠳᠦᠰᠦᠲᠡᠨ ᠤ ᠲᠡᠦᠬᠡ | ᠰᠣᠶᠣᠯ ᠤᠨ ᠰᠤᠳᠤᠯᠭᠠᠨ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠬᠡᠷᠡᠭᠲᠡᠢ᠃ ᠬᠤᠪᠢᠰᠬᠠᠯ ᠤᠨ ᠰᠣᠶᠣᠯ ᠢ ᠪᠠᠳᠠᠷᠠᠭᠤᠯᠵᠤ᠂ ᠬᠤᠪᠢᠰᠬᠠᠯᠲᠤ ᠤᠳᠤᠮᠰᠢᠯ ᠢ ᠤᠯᠠᠮᠵᠢᠯᠠᠵᠤ᠂ | ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠢ ᠦᠨᠡᠨ ᠬᠦ ᠰᠠᠶᠢᠲᠤᠷ ᠬᠠᠮᠠᠭᠠᠯᠠᠵᠤ᠂ ᠰᠠᠶᠢᠲᠤᠷ ᠬᠠᠮᠢᠶᠠᠷᠴᠤ᠂ | ᠰᠠᠶᠢᠲᠤᠷ ᠬᠡᠷᠡᠭᠯᠡᠬᠦ ᠬᠡᠷᠡᠭᠲᠡᠢ᠃ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠭᠦᠨ ᠵᠤᠵᠠᠭᠠᠨ ᠨᠡᠶᠢᠭᠡᠮ ᠤᠨ | ᠠᠭᠤᠷ ᠠᠮᠢᠰᠬᠤᠯ ᠢ ᠪᠤᠢ ᠪᠤᠯᠭᠠᠵᠤ᠂ ᠤᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠢ ᠬᠥᠮᠥᠵᠢᠭᠦᠯᠦᠨ | ᠵᠢᠯᠤᠭᠤᠳᠴᠤ ᠪᠠᠶᠢᠭᠠᠳ ᠳᠤᠮᠳᠠᠳᠤ ᠶᠢᠨ ᠪᠣᠯᠪᠠᠰᠤᠨ ᠢ ᠨᠡᠩ ᠰᠠᠶᠢᠨ ᠲᠠᠨᠢᠨ ᠮᠡᠳᠡᠷᠡᠭᠦᠯᠵᠦ᠂ ᠳᠤᠮᠳᠠᠳᠤ ᠤᠯᠤᠰ ᠤᠨ | ᠬᠥᠮᠥᠨ ᠪᠤᠯᠬᠤ ᠵᠣᠷᠢᠭ᠂ ᠰᠥᠰᠥ᠂ ᠢᠲᠡᠭᠡᠯ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠳᠡᠯᠡᠬᠡᠢ ᠶᠢᠷᠲᠢᠨᠴᠦ ᠪᠠᠶᠠᠯᠢᠭ ᠰᠠᠶᠢᠬᠠᠨ ᠪᠣᠯᠪᠠᠰᠤᠨ ᠢᠶᠠᠷ ᠪᠦᠷᠢᠯᠳᠦᠵᠦ᠂ ᠳᠤᠮᠳᠠᠳᠤ ᠤᠯᠤᠰ ᠪᠣᠯ | ᠳᠡᠯᠡᠬᠡᠢ ᠳᠡᠭᠡᠷᠡᠬᠢ ᠬᠠᠮᠤᠭ ᠤᠨ ᠡᠷᠲᠡᠨ ᠤ ᠲᠡᠦᠬᠡ ᠪᠠ ᠰᠣᠶᠣᠯ ᠲᠠᠢ ᠤᠯᠤᠰ ᠤᠨ ᠨᠢᠭᠡ ᠪᠣᠯᠣᠨ᠎ᠠ᠃ ᠳᠤᠮᠳᠠᠳᠤ ᠶᠢᠨ | ᠪᠣᠯᠪᠠᠰᠤᠨ ᠶᠡᠷᠦ ᠠᠴᠠ ᠠᠳᠠᠯᠢ ᠪᠤᠰᠤ ᠪᠣᠯᠪᠠᠰᠤᠨ ᠤ ᠬᠤᠭᠤᠷᠣᠨᠳᠣᠭᠢ ᠣᠶᠢᠯᠠᠭᠠᠯᠴᠠᠭ᠎ᠠ ᠪᠠ ᠬᠦᠨᠳᠦᠳᠬᠡᠯ ᠢ ᠮᠠᠭᠲᠠᠨ | ᠰᠠᠶᠢᠰᠢᠶᠠᠳᠠᠭ᠃ ᠪᠦᠭᠦ ᠪᠥᠮᠪᠥᠷᠴᠡᠭ ᠤᠨ ᠡᠯ᠎ᠡ ᠭᠠᠵᠠᠷ ᠣᠷᠣᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠᠨ | ᠴᠢᠩᠭᠠᠳᠬᠠᠵᠤ᠂ ᠰᠣᠶᠣᠯ ᠤᠨ ᠴᠡᠴᠡᠭᠯᠡᠯ ᠬᠥᠭᠵᠢᠯ᠂ ᠰᠣᠶᠣᠯ ᠤᠨ ᠥᠪ ᠤᠨ ᠬᠠᠮᠠᠭᠠᠯᠠᠯᠲᠠ᠂ ᠪᠣᠯᠪᠠᠰᠤᠨ ᠤ ᠰᠣᠯᠢᠯᠴᠠᠭ᠎ᠠ | ᠲᠣᠯᠢᠳᠠᠯ ᠢ ᠬᠠᠮᠲᠤ ᠪᠠᠷ ᠠᠬᠢᠭᠤᠯᠵᠤ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠭᠦᠨ | ᠵᠤᠵᠠᠭᠠᠨ ᠥᠨᠢ ᠤᠳᠠᠭᠠᠨ ᠰᠣᠶᠣᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ |