ᠮᠠᠨ ᠤ ᠠᠶᠢᠮᠠᠭ ᠤᠨ ᠠᠭᠠᠷ ᠤᠨ ᠶᠠᠰᠤ ᠴᠢᠨᠠᠷ ᠤᠨ ᠶᠡᠷᠦᠩᠬᠡᠢ ᠵᠢᠭᠠᠯᠲᠠ ᠲᠤᠭ᠎ᠠ ᠲᠠᠪᠤᠨ ᠵᠢᠯ ᠳᠠᠷᠠᠭᠠᠯᠠᠨ ᠪᠥᠬᠦ ᠣᠷᠣᠨ ᠳᠤ ᠲᠡᠷᠢᠭᠦᠯᠡᠪᠡ
ᠨᠡᠶᠢᠲᠡᠯᠡᠭᠰᠡᠨ ᠴᠠᠭ᠄
2024/4/25
     ᠣᠶᠢᠷ᠎ᠠ ᠳᠤ᠂ ᠰᠤᠷᠪᠤᠯᠵᠢᠯᠠᠭᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ 2023 ᠣᠨ ᠳᠤ ᠪᠥᠬᠦ ᠠᠶᠢᠮᠠᠭ ᠤᠨ ᠠᠭᠠᠷ ᠰᠢᠯᠢᠳᠡᠭ ᠡᠳᠦᠷ ᠤᠨ ᠲᠤᠭ᠎ᠠ ᠶᠢᠨ ᠬᠠᠷᠢᠴᠠᠯ 93.7% ᠳᠤ ᠬᠦᠷᠴᠦ᠂ ᠵᠢᠵᠢᠭ ᠮᠥᠬᠦᠯᠢᠭᠲᠦ ᠪᠣᠳᠠᠰ PM2.5 ᠶᠢᠨ ᠳᠤᠮᠳᠠᠴᠢ ᠥᠳᠬᠡᠴᠡ 9 ᠮᠢᠺᠷᠥᠭᠷᠠᠮ / ᠪᠣᠰᠤᠭ᠎ᠠ ᠳᠥᠷᠪᠡᠯᠵᠢᠨ  ᠮᠧᠲᠷ ᠬᠦᠷᠴᠦ᠂ ᠬᠦᠨᠳᠦ ᠪᠣᠬᠢᠷᠲᠤᠯ ᠲᠠᠢ ᠡᠳᠦᠷ ᠤᠨ ᠲᠤᠭ᠎ᠠ ᠶᠢᠨ ᠬᠠᠷᠢᠴᠠᠯ 0 ᠪᠣᠯᠵᠠᠢ᠃ ᠡᠭᠦᠨ ᠤ ᠵᠡᠷᠭᠡ ᠳᠤ᠂ ᠠᠭᠠᠷ ᠤᠨ ᠶᠠᠰᠤ ᠴᠢᠨᠠᠷ ᠤᠨ ᠶᠡᠷᠦᠩᠬᠡᠢ ᠵᠢᠭᠠᠯᠲᠠ ᠲᠤᠭ᠎ᠠ ᠶᠢᠨ ᠵᠢᠭᠰᠠᠭᠠᠯᠲᠠ ᠳᠤ ᠲᠠᠪᠤᠨ ᠵᠢᠯ ᠳᠠᠷᠠᠭᠠᠯᠠᠨ ᠪᠥᠬᠦ ᠣᠷᠣᠨ ᠳᠤ ᠲᠡᠷᠢᠭᠦᠯᠡᠵᠦ᠂ ᠪᠥᠬᠦ ᠤᠯᠤᠰ ᠤᠨ 339 ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠳᠣᠲᠣᠷ᠎ᠠ ᠡᠮᠦᠨ᠎ᠡ ᠠᠷᠪᠠ ᠳᠤ ᠣᠷᠣᠬᠰᠠᠨ ᠪᠠᠶᠢᠨ᠎ᠠ᠃      ᠣᠶᠢᠷ᠎ᠠ ᠶᠢᠨ ᠵᠢᠯ ᠤᠳ ᠲᠤ᠂ ᠮᠠᠨ ᠤ ᠠᠶᠢᠮᠠᠭ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠬᠢᠵᠦ᠂ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠶᠠᠪᠤᠳᠠᠯ ᠢ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠠᠬᠢᠭᠤᠯᠬᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠠ᠂ ᠨᠡᠭᠦᠷᠡᠰᠦᠨ ᠤ ᠬᠡᠷᠡᠭᠯᠡᠯᠲᠡ ᠶᠢ ᠪᠠᠭᠠᠰᠬᠠᠬᠤ᠂ ᠰᠢᠲᠠᠭᠠᠬᠤ ᠶᠢ ᠴᠠᠭᠠᠵᠠᠯᠠᠬᠤ᠂ ᠠᠵᠤ ᠠᠬᠤᠶᠢᠯᠠᠯ ᠢ ᠵᠠᠰᠠᠬᠤ᠂ ᠮᠠᠰᠢᠨ ᠲᠡᠷᠭᠡ ᠶᠢ ᠡᠵᠡᠮᠳᠡᠬᠦ᠂ ᠲᠣᠭᠤᠰᠣ ᠰᠢᠷᠤᠢ ᠶᠢ ᠬᠤᠷᠢᠭᠯᠠᠬᠤ ᠵᠡᠷᠭᠡ ᠲᠠᠯ᠎ᠠ ᠪᠠᠷ ᠬᠠᠮ ᠠᠷᠭ᠎ᠠ ᠬᠡᠮᠵᠢᠶ᠎ᠠ ᠶᠢ ᠰᠠᠶᠢᠲᠤᠷ ᠬᠡᠷᠡᠭᠵᠢᠭᠦᠯᠵᠦ᠂ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ᠂ ᠣᠽᠣᠨ ᠤ ᠪᠣᠬᠢᠷᠲᠤᠯ ᠢ ᠬᠠᠮᠵᠢᠯᠴᠠᠨ ᠡᠵᠡᠮᠳᠡᠬᠦ᠂ ᠴᠠᠶᠢᠶ᠋ᠢᠦ ᠲᠣᠰᠣᠨ ᠤ ᠪᠠᠷᠠᠭᠠᠨ ᠲᠡᠷᠭᠡ ᠶᠢ ᠶᠡᠷᠦᠩᠬᠡᠶᠢᠯᠡᠨ ᠵᠠᠰᠠᠬᠤ᠂ ᠠᠷᠢᠭᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠢ ᠠᠬᠢᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠪᠠ᠃      ᠨᠡᠭᠦᠷᠡᠰᠦᠨ ᠤ ᠬᠡᠷᠡᠭᠯᠡᠯᠲᠡ ᠶᠢ ᠪᠠᠭᠠᠰᠬᠠᠬᠤ᠂ ᠰᠢᠲᠠᠭᠠᠬᠤ ᠶᠢ ᠴᠠᠭᠠᠵᠠᠯᠠᠬᠤ ᠲᠠᠯ᠎ᠠ ᠪᠠᠷ᠂ ᠮᠠᠨ ᠤ ᠠᠶᠢᠮᠠᠭ ᠨᠡᠭᠦᠷᠡᠰᠦ ᠰᠢᠲᠠᠭᠠᠬᠤ ᠭᠦᠸᠧᠯᠦ ᠶᠢ ᠶᠡᠷᠦᠩᠬᠡᠶᠢᠯᠡᠨ ᠵᠠᠰᠠᠬᠤ ᠶᠢ ᠶᠡᠬᠡᠪᠡᠷ ᠬᠡᠷᠡᠭᠵᠢᠭᠦᠯᠵᠦ᠂ ᠨᠢᠭᠡ ᠴᠠᠭ ᠲᠤ 65 ᠲᠤᠨ ᠠᠴᠠ ᠳᠡᠭᠡᠭᠰᠢᠬᠢ ᠠᠭᠤᠷ ᠭᠠᠳᠠᠬᠰᠢᠯᠠᠭᠤᠯᠬᠤ ᠨᠡᠭᠦᠷᠡᠰᠦ ᠰᠢᠲᠠᠭᠠᠬᠤ ᠭᠦᠸᠧᠯᠦ ᠶᠢᠨ ᠭᠠᠳᠠᠭᠰᠢᠯᠠᠭᠤᠯᠤᠯᠲᠠ ᠶᠢ ᠬᠡᠲᠦ ᠳᠤᠤᠷ᠎ᠠ ᠪᠤᠯᠭᠠᠬᠤ ᠥᠭᠡᠷᠡᠴᠢᠯᠡᠯᠲᠡ ᠶᠢᠨ ᠲᠥᠯᠥᠪᠯᠡᠭᠡ ᠶᠢ ᠠᠬᠢᠭᠤᠯᠵᠤ᠂ ᠨᠡᠭᠦᠷᠡᠰᠦ ᠰᠢᠲᠠᠭᠠᠬᠤ ᠵᠢᠵᠢᠭ ᠭᠦᠸᠧᠯᠦ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ 2018 ᠣᠨ ᠠᠴᠠ ᠨᠠᠭᠠᠰᠢ ᠨᠢᠭᠡ ᠴᠠᠭ ᠲᠤ 10 ᠲᠣᠨ ᠠᠴᠠ ᠳᠣᠷᠣᠭᠰᠢᠬᠢ ᠠᠭᠤᠷ ᠭᠠᠳᠠᠬᠰᠢᠯᠠᠭᠤᠯᠬᠤ ᠨᠡᠭᠦᠷᠡᠰᠦ ᠰᠢᠲᠠᠭᠠᠬᠤ ᠭᠦᠸᠧᠯᠦ ᠶᠢ 342 ᠢ ᠰᠢᠭᠰᠢᠭᠳᠡᠭᠦᠯᠪᠡ᠃ ᠰᠢᠲᠠᠭᠠᠬᠤ ᠶᠢ ᠴᠠᠭᠠᠵᠠᠯᠠᠬᠤ ᠠᠰᠠᠭᠤᠳᠠᠯ ᠳᠤ ᠴᠢᠭᠯᠡᠭᠦᠯᠦᠨ᠂ 13 ᠬᠤᠰᠢᠭᠤ ᠰᠢᠶᠠᠨ ᠬᠤᠲᠠ ︵ᠤᠷᠤᠨ︶ ᠶᠢᠨ ᠪᠣᠬᠢᠷᠲᠤᠯ ᠶᠡᠬᠡᠲᠡᠢ ᠰᠢᠲᠠᠭᠠᠯᠭ᠎ᠠ ᠶᠢ ᠴᠠᠭᠠᠵᠠᠯᠠᠬᠤ ᠣᠷᠣᠨ ᠢ ᠵᠠᠭᠠᠭᠯᠠᠨ ᠲᠣᠭᠲᠠᠭᠠᠬᠤ ᠶᠢ ᠨᠢᠭᠡᠨᠲᠡ ᠪᠡᠶᠡᠯᠡᠭᠦᠯᠦᠭᠰᠡᠨ ᠪᠥᠭᠡᠳ 2023 ᠣᠨ ᠤ ᠬᠠᠪᠤᠷ ᠨᠠᠮᠤᠷ ᠤᠨ ᠤᠯᠠᠷᠢᠯ ᠳᠤ ᠡᠰᠢ ᠰᠦᠷᠡᠯ ᠢ ᠰᠢᠲᠠᠭᠠᠬᠤ ᠶᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠵᠢᠯ ᠤᠨ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90%  ᠠᠴᠠ ᠳᠡᠭᠡᠭᠰᠢ ᠪᠠᠶᠢᠯᠭᠠᠬᠤ ᠶᠢ ᠪᠠᠲᠤᠯᠠᠵᠦ᠂ ᠪᠥᠬᠦ ᠠᠶᠢᠮᠠᠭ ᠲᠤ ᠡᠰᠢ ᠰᠦᠷᠡᠯ ᠢ ᠰᠢᠲᠠᠭᠠᠬᠤ ᠦᠵᠡᠭᠳᠡᠯ ᠢᠯᠡᠷᠡᠭᠰᠡᠨ ᠦᠭᠡᠢ᠃      ᠠᠵᠤ ᠠᠬᠤᠶᠢᠯᠠᠯ ᠤᠨ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠬᠤ ᠶᠠᠪᠤᠴᠠ ᠳᠤ᠂ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠢᠨ ᠠᠭᠠᠷ ᠮᠠᠨᠳᠠᠯ ᠤᠨ ᠪᠣᠬᠢᠷᠲᠤᠯ ᠭᠠᠳᠠᠭᠰᠢᠯᠠᠭᠤᠯᠬᠤ ᠭᠤᠣᠯᠳᠠᠯᠭ᠎ᠠ ᠲᠠᠢ ᠠᠵᠤ ᠠᠬᠤᠶᠢᠯᠠᠯ ᠢ ᠬᠢᠨᠠᠨ ᠬᠠᠮᠢᠶᠠᠷᠬᠤ᠂ ᠬᠠᠪᠰᠤᠷᠤᠨ ᠲᠡᠳᠬᠦᠬᠦ ᠪᠠ ᠵᠢᠯᠤᠭᠤᠳᠬᠤ ᠪᠠᠨ ᠦᠷᠭᠦᠯᠵᠢᠯᠡᠨ ᠴᠢᠩᠭᠠᠳᠬᠠᠵᠤ᠂ 2018 ᠣᠨ ᠠᠴᠠ ᠨᠠᠭᠠᠰᠢ ᠪᠥᠬᠦ ᠠᠶᠢᠮᠠᠭ ᠤᠨ ᠬᠢᠨ ᠨᠡᠶᠢᠲᠡ 152 ᠪᠣᠬᠢᠷᠲᠤᠯ ᠪᠤᠳᠠᠰ ᠤᠨ ᠭᠠᠳᠠᠬᠰᠢᠯᠠᠭᠤᠯᠤᠯᠲᠠ ᠪᠠᠷᠢᠮᠵᠢᠶ᠎ᠠ ᠳᠤ ᠦᠯᠦ ᠨᠡᠶᠢᠴᠡᠬᠦ ᠠᠵᠤ ᠦᠢᠯᠡᠳᠪᠦᠷᠢ ᠶᠢᠨ ᠠᠵᠤ ᠠᠬᠤᠶᠢᠯᠠᠯ᠂ 54 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠵᠤᠤᠬ᠎ᠠ ᠶᠢᠨ ᠠᠵᠤ ᠠᠬᠤᠶᠢᠯᠠᠯ᠂ 38 ᠭᠤᠣᠯᠳᠠᠯᠭ᠎ᠠ ᠲᠠᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠦᠭᠡᠢ ᠪᠠᠷ ᠭᠠᠳᠠᠭᠰᠢᠯᠠᠭᠤᠯᠬᠤ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠡᠶᠡᠯᠡᠭᠦᠯᠵᠦ᠂ 263 ᠲᠣᠰᠣ ᠨᠡᠮᠡᠬᠦ ᠥᠷᠲᠡᠭᠡ᠂ 4 ᠲᠣᠰᠣ ᠬᠠᠳᠠᠭᠠᠯᠠᠬᠤ ᠬᠥᠮᠥᠷᠭᠡ ᠪᠠ 170 ᠲᠣᠰᠣ ᠰᠠᠪᠠᠯᠠᠬᠤ ᠲᠡᠷᠭᠡ ᠶᠢᠨ ᠲᠣᠰᠣ ᠬᠡᠢ ᠶᠢ ᠬᠤᠷᠢᠶᠠᠨ ᠠᠪᠴᠤ ᠵᠠᠰᠠᠬᠤ ᠡᠭᠦᠷᠭᠡ ᠶᠢ ᠪᠡᠶᠡᠯᠡᠭᠦᠯᠵᠡᠢ᠃ ᠣᠳᠣᠬᠠᠨ ᠳᠤ᠂ ᠰᠢᠲᠠᠮᠠᠬᠠᠢ ᠬᠡᠢ ᠳᠤ ᠬᠤᠯᠪᠣᠭᠳᠠᠭᠰᠠᠨ 17 ᠭᠤᠣᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠪᠦᠬᠦᠨ ᠢᠶᠠᠷ ᠢᠶᠠᠨ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃ ᠮᠠᠰᠢᠨ ᠲᠡᠷᠭᠡ ᠶᠢ ᠡᠵᠡᠮᠳᠡᠬᠦ ᠲᠠᠯ᠎ᠠ ᠪᠠᠷ᠂ ᠰᠢᠯᠢ ᠶᠢᠨ ᠬᠤᠲᠠ ᠶᠢᠨ ᠮᠤᠵᠢ ᠶᠢᠨ ᠵᠠᠮ ᠤᠨ 307 ᠱᠤᠭᠤᠮ ᠤᠨ ᠰᠢᠯᠢ ᠶᠢᠨ ᠶᠡᠭᠡ ᠵᠡᠭᠡᠯᠢ ᠶᠢᠨ ᠬᠡᠰᠡᠭ ᠪᠠ ᠤᠯᠤᠰ ᠤᠨ ᠵᠠᠮ ᠤᠨ 303 ᠱᠤᠭᠤᠮ ᠬᠢᠭᠡᠳ ᠮᠤᠵᠢ ᠶᠢᠨ ᠵᠠᠮ ᠤᠨ 307 ᠱᠤᠭᠤᠮ ᠤᠨ ᠠᠭᠤᠯᠵᠠᠷ ᠬᠡᠰᠡᠭ᠂ ᠡᠷᠢᠶᠡᠨ ᠬᠤᠲᠠ ᠶᠢᠨ ᠤᠯᠤᠰ ᠤᠨ ᠵᠠᠮ ᠤᠨ 208 ᠱᠤᠭᠤᠮ ᠤᠨ ᠬᠤᠲᠠ ᠠᠴᠠ ᠭᠠᠷᠬᠤ ᠵᠠᠮ ᠤᠨ ᠬᠡᠰᠡᠭ ᠲᠤ ᠮᠠᠰᠢᠨ ᠲᠡᠷᠭᠡᠨ ᠤ ᠰᠡᠭᠦᠯ ᠤᠨ ᠬᠡᠢ ᠶᠢᠨ ᠲᠣᠭᠲᠠᠮᠠᠯ ᠬᠡᠯᠪᠡᠷᠢ ᠶᠢᠨ ᠠᠯᠤᠰ ᠠᠴᠠ ᠪᠠᠶᠢᠴᠠᠭᠠᠨ ᠬᠡᠮᠵᠢᠬᠦ ᠰᠢᠰᠲ᠋ᠧᠮ ᠢ 3 ᠢᠵᠢ ᠤᠭᠰᠠᠷᠠᠭᠰᠠᠨ ᠪᠥᠭᠡᠳ ᠰᠢᠯᠵᠢᠮᠡᠯ ᠬᠡᠯᠪᠡᠷᠢ ᠶᠢᠨ ᠠᠯᠤᠰ ᠠᠴᠠ ᠬᠢᠨᠠᠨ ᠬᠡᠮᠵᠢᠬᠦ ᠲᠡᠷᠭᠡ ᠪᠠ 35 ᠢᠵᠢ ᠳᠥᠭᠦᠮ ᠬᠡᠯᠪᠡᠷᠢ ᠶᠢᠨ ᠬᠡᠷᠡᠯ ᠥᠯᠥ ᠨᠡᠪᠲᠡᠷᠡᠬᠦ ᠤᠲᠤᠭᠠᠨ ᠤ ᠬᠡᠮᠵᠢᠭᠦᠷ ᠢ ᠲᠣᠬᠢᠷᠠᠭᠤᠯᠵᠠᠢ᠃ ᠨᠢᠳᠤᠨᠤᠨ ᠠᠴᠠ ᠨᠠᠭᠠᠰᠢ᠂ ᠠᠯᠤᠰ ᠠᠴᠠ ᠪᠠᠶᠢᠴᠠᠭᠠᠨ ᠰᠢᠯᠭᠠᠭᠰᠠᠨ ᠴᠠᠶᠢᠶ᠋ᠢᠦ ᠲᠤᠰᠤᠨ ᠤ ᠲᠡᠷᠭᠡ 98610 ᠤᠳᠠᠭ᠎ᠠ ᠳᠤ ᠬᠦᠷᠴᠦ᠂ ᠵᠠᠮ ᠤᠨ ᠪᠠᠶᠢᠴᠠᠭᠠᠯᠲᠠ ᠵᠢᠴᠢ ᠡᠷᠦᠬᠡ ᠳᠤ ᠬᠦᠷᠴᠦ ᠪᠠᠶᠢᠴᠠᠭᠠᠯᠲᠠ ᠬᠢᠬᠦ ᠪᠠᠷ ᠳᠠᠮᠵᠢᠨ 458 ᠴᠠᠶᠢᠶ᠋ᠢᠦ ᠲᠤᠰᠤᠨ ᠤ ᠪᠠᠷᠠᠭᠠᠨ ᠲᠡᠷᠭᠡ ᠢᠢ ᠰᠣᠩᠭᠤᠨ ᠪᠠᠶᠢᠴᠠᠭᠠᠵᠤ᠂ 125 ᠲᠡᠷᠭᠡ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠮᠡᠳᠡᠭᠡ ᠵᠠᠩᠭᠢ ᠶᠢᠨ ᠨᠠᠷᠢᠨ ᠳᠠᠩᠰᠠ ᠶᠢ ᠬᠠᠷᠭᠤᠭᠤᠯᠤᠨ ᠪᠠᠶᠢᠴᠠᠭᠠᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号