ᠮᠠᠨ ᠤ ᠠᠶᠢᠮᠠᠭ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠠᠮᠤᠷ ᠳᠦᠪᠰᠢᠨ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/25
     ᠠᠶᠤᠯᠭᠦᠢ ᠦᠢᠯᠡᠳᠪᠦᠷᠢᠯᠡᠯ ᠪᠣᠯ ᠠᠷᠠᠳ ᠤᠨ ᠠᠮᠢᠳᠤᠷᠠᠯ ᠤᠨ ᠲᠤᠮᠤ ᠶᠠᠪᠤᠳᠠᠯ ᠮᠥᠨ᠂ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠃ ᠣᠶᠢᠷ᠎ᠠ ᠶᠢᠨ ᠵᠢᠯ᠂ ᠮᠠᠨ ᠤ ᠠᠶᠢᠮᠠᠭ ᠨᠢᠭᠡᠳᠦᠯᠲᠡᠢ ᠲᠥᠯᠥᠪᠵᠢᠭᠦᠯᠦᠨ ᠠᠷᠭ᠎ᠠ ᠤᠬᠠᠭᠠᠨ ᠰᠦᠪᠡᠭᠴᠢᠯᠡᠵᠦ᠂ ᠵᠦᠢ ᠵᠣᠬᠢᠰᠲᠠᠢ ᠪᠠᠶᠢᠷᠢᠯᠠᠭᠤᠯᠤᠨ᠂ ᠠᠭᠤᠷᠬᠠᠢ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠤᠰᠬᠠᠢ ᠬᠦᠴᠦᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠭᠤᠷᠬᠠᠢ ᠶᠢᠨ ᠭᠡᠨᠡᠳᠲᠡ ᠶᠢᠨ ᠬᠡᠷᠡᠭ ᠢ ᠰᠶᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠣᠲᠣᠬᠠᠨ ᠪᠣᠯᠲᠠᠯ᠎ᠠ᠂ ᠪᠥᠬᠦ ᠠᠶᠢᠮᠠᠭ ᠲᠤ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠵᠤ ᠲᠠᠰ ᠲᠣᠭᠲᠠᠭᠠᠨ ᠰᠢᠯᠭᠠᠨ ᠠᠪᠬᠤ ᠳᠤ ᠬᠢᠷᠢ ᠲᠡᠩᠴᠡᠭᠰᠡᠨ ᠲᠤᠰᠬᠠᠢ ᠲᠤᠰᠢᠶᠠᠯᠲᠤ ᠠᠭᠤᠷᠬᠠᠢ ᠶᠢᠨ ᠠᠪᠤᠷᠠᠨ ᠲᠤᠰᠠᠯᠠᠬᠤ ᠠᠩᠭᠢ 9 ᠪᠠᠶᠢᠵᠤ᠂ 2 ᠢ ᠶᠠᠭ ᠪᠠᠶᠢᠭᠤᠯᠵᠦ ᠪᠣᠶ᠃ 9 ᠲᠤᠰᠬᠠᠢ ᠠᠩᠭᠢ ᠶᠢᠨ ᠳᠣᠲᠣᠷ᠎ᠠ ᠨᠡᠭᠦᠷᠡᠰᠦᠨ ᠠᠭᠤᠷᠬᠠᠢ ᠶᠢᠨ ᠠᠪᠤᠷᠠᠨ ᠲᠤᠰᠠᠯᠠᠬᠤ ᠠᠩᠭᠢ 6᠂ ᠨᠡᠭᠦᠷᠡᠰᠦᠨ ᠤ ᠪᠤᠰᠤ ᠠᠭᠤᠷᠬᠠᠢ ᠶᠢᠨ ᠠᠪᠤᠷᠠᠨ ᠲᠤᠰᠠᠯᠠᠬᠤ ᠠᠩᠭᠢ 2᠂ ᠨᠡᠭᠦᠷᠡᠰᠦᠨ ᠠᠭᠤᠷᠬᠠᠢ ᠪᠠ ᠨᠡᠭᠦᠷᠡᠰᠦᠨ ᠤ ᠪᠤᠰᠤ ᠠᠭᠤᠷᠬᠠᠢ ᠶᠢᠨ ᠳᠠᠪᠬᠤᠷ ᠠᠪᠤᠷᠠᠨ ᠲᠤᠰᠠᠯᠠᠬᠤ ᠬᠢᠷᠢ ᠬᠡᠮ ᠲᠠᠢ ᠠᠪᠤᠷᠠᠨ ᠲᠤᠰᠠᠯᠠᠬᠤ ᠠᠩᠭᠢ 1 ᠪᠣᠶ᠃ 2021 ᠣᠨ ᠤ ᠬᠢ ᠲᠠᠢ ᠬᠠᠷᠢᠴᠠᠭᠤᠯᠪᠠᠯ᠂ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠳᠣᠯᠣᠨ ᠨᠤᠤᠷ ᠰᠢᠶᠠᠨ ᠤ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠶᠢᠨ ᠲᠠᠷᠬᠠᠯᠲᠠ ᠨᠢᠭᠡ ᠳᠠᠬᠢᠨ ᠨᠡᠮᠡᠭᠳᠡᠵᠦ᠂ ᠮᠠᠨ ᠤ ᠠᠶᠢᠮᠠᠭ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠠᠭᠤᠷᠬᠠᠢ ᠶᠢᠨ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢᠨ ᠬᠤᠭᠤᠰᠤᠨ ᠢ ᠨᠥᠬᠦᠪᠦᠷᠢᠯᠡᠵᠦ᠂ ᠬᠠᠮᠤᠭ ᠤᠨ ᠬᠤᠯᠠ ᠠᠪᠤᠷᠠᠨ ᠲᠤᠰᠠᠯᠠᠬᠤ ᠵᠠᠢ ᠨᠢ ᠥᠩᠭᠡᠷᠡᠭᠰᠡᠨ ᠤ 200 ᠺᠢᠯᠤᠮᠧᠲᠷ ᠣᠷᠴᠢᠮ ᠪᠠᠶᠢᠬᠰᠠᠨ ᠠᠴᠠ ᠤᠳᠤᠬᠠᠨ ᠦᠨᠳᠦᠰᠦᠨ ᠳᠡᠭᠡᠨ 100  ᠺᠢᠯᠤᠮᠧᠲᠷ ᠤᠨ ᠳᠣᠲᠣᠷ᠎ᠠ ᠪᠠᠶᠢᠬᠤ ᠶᠢ ᠪᠠᠲᠤᠯᠠᠵᠤ᠂ ᠠᠶᠤᠯ ᠠᠴᠠ ᠠᠪᠤᠷᠠᠵᠤ ᠠᠪᠤᠷᠠᠨ ᠲᠤᠰᠠᠯᠠᠬᠤ ᠠᠵᠢᠯ ᠤᠨ ᠬᠤᠷᠳᠤᠴᠠ ᠶᠢ ᠪᠦᠲᠦᠮᠵᠢᠲᠡᠶ ᠲᠡᠭᠡᠭᠰᠢᠯᠡᠭᠦᠯᠵᠠᠢ᠃ᠮᠠᠨ ᠤ ᠠᠶᠢᠮᠠᠭ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠵᠢᠯ ᠪᠦᠷᠢ ᠡᠯ᠎ᠡ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠶᠢᠨ ᠵᠢᠯᠣᠭᠤᠳᠤᠭᠴᠢ ᠪᠠᠶᠢᠯᠳᠤᠭᠴᠢᠳ ᠲᠤ ᠬᠤᠭᠤᠴᠠᠭ᠎ᠠ ᠬᠤᠪᠢᠶᠠᠨ ᠡᠯ᠎ᠠ ᠲᠦᠷᠦᠯ ᠤᠨ ᠪᠣᠯᠪᠠᠰᠤᠷᠠᠯ ᠬᠦᠷᠳᠡᠭᠡᠵᠦ᠂ ᠣᠲᠣ ᠪᠠᠶᠢᠭ᠎ᠠ 9 ᠠᠩᠭᠢ ᠨᠢᠭᠡᠨᠲᠡ 2023 ᠣᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠷᠠᠯ ᠤᠨ ᠬᠢᠨᠠᠨ ᠰᠢᠯᠭᠠᠯᠲᠠ ᠶᠢ ᠥᠩᠭᠡᠷᠡᠭᠡᠵᠦ᠂ ᠨᠡᠶᠢᠲᠡ 300 ᠭᠠᠷᠤᠢ ᠬᠥᠮᠥᠨ ᠳᠤ ᠪᠤᠯᠪᠠᠰᠤᠷᠠᠯ ᠭᠦᠷᠳᠡᠭᠡᠵᠡᠢ᠃ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠡᠯ᠎ᠡ ᠰᠠᠯᠪᠤᠷᠢ ᠠᠩᠭᠢ ᠳᠤ ᠲᠡᠷᠢᠭᠦᠨ ᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠢ ᠥᠪᠡᠷᠲᠡᠭᠡᠨ ᠵᠠᠰᠠᠬᠤ ᠣᠷᠣᠨ ᠠᠴᠠ ᠢᠳᠡᠪᠬᠢᠲᠡᠢ ᠡᠷᠡᠮᠡᠯᠵᠡᠨ ᠦᠭᠴᠦ᠂ ᠥᠩᠭᠡᠷᠡᠭᠰᠡᠨ ᠵᠢᠯ ᠤᠳ ᠲᠤ ᠨᠡᠶᠢᠲᠡ 800 ᠲᠦᠮᠡᠨ ᠲᠥᠭᠦᠷᠢᠭ ᠤᠨ ᠪᠡᠯᠡ ᠭᠦᠷᠦᠩᠭᠡ ᠶᠢ ᠲᠣᠬᠢᠷᠠᠭᠤᠯᠵᠤ ᠦᠭᠪᠡ᠃ ᠣᠳᠣᠬᠠᠨ ᠳᠤ᠂ 9 ᠠᠪᠤᠷᠠᠨ ᠲᠤᠰᠠᠯᠠᠬᠤ ᠠᠩᠭᠢ ᠳᠤ ᠨᠢᠭᠡᠨᠲᠡ 39 ᠡᠯ᠎ᠡ ᠲᠥᠷᠥᠯ ᠤᠨ ᠠᠪᠤᠷᠠᠨ ᠲᠤᠰᠠᠯᠠᠬᠤ ᠲᠡᠷᠭᠡ᠂ 300 ᠭᠠᠷᠤᠢ 2H᠂ 4H ᠡᠶᠡᠷᠭᠦ ᠳᠠᠷᠤᠯᠲᠠᠲᠤ ᠬᠦᠴᠢᠯᠲᠥ᠋ᠷᠥᠭᠴᠢ ᠶᠢᠨ ᠠᠮᠢᠰᠬᠤᠯ ᠤᠨ ᠮᠠᠰᠢᠨ ᠵᠡᠷᠭᠡ ᠡᠯ᠎ᠡ ᠲᠥᠷᠥᠯ ᠤᠨ ᠦᠨᠳᠦᠰᠦᠨ ᠲᠣᠨᠤᠭ ᠲᠥᠬᠦᠭᠡᠷᠦᠮᠵᠢ ᠵᠢᠴᠢ ᠲᠦᠷᠭᠡᠨ ᠠᠪᠤᠷᠠᠯᠳᠠ ᠶᠢᠨ ᠪᠠᠭᠠᠵᠢ ᠬᠡᠷᠡᠭᠰᠡᠯ ᠢ ᠲᠣᠬᠢᠷᠠᠭᠤᠯᠵᠤ᠂ ᠡᠯ᠎ᠡ ᠠᠩᠭᠢ ᠶᠢᠨ ᠬᠢᠨ ᠵᠢᠯ ᠪᠦᠷᠢ ᠲᠣᠨᠤᠭ ᠲᠥᠬᠦᠭᠡᠷᠦᠮᠵᠢ ᠶᠢᠨ ᠪᠠᠶᠢᠴᠠᠭᠠᠯᠲᠠ᠂ ᠰᠡᠯᠪᠢᠨ ᠵᠠᠰᠠᠯᠲᠠ ᠠᠷᠠᠴᠢᠯᠠᠯᠲᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠲᠣᠨᠤᠭ ᠲᠥᠬᠦᠭᠡᠷᠦᠮᠵᠢ ᠶᠢᠨ ᠶᠠᠰᠦ ᠴᠢᠨᠠᠷ ᠢ ᠪᠠᠳᠤᠯᠠᠪᠠ᠃      ᠮᠠᠨ ᠤ ᠠᠶᠢᠮᠠᠭ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ ︽ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠲᠥᠰᠥᠯ ︵2022 — 2024 ᠣᠨ︶︾  ᠢ ᠰᠤᠳᠤᠯᠤᠨ ᠲᠣᠭᠲᠠᠭᠠᠵᠤ᠂ ᠣᠲᠣ ᠶᠢᠨ ᠪᠠᠶᠢᠭ᠎ᠠ ᠪᠠᠴᠢᠮ ᠪᠠᠶᠢᠳᠠᠯ ᠢ ᠠᠷᠭᠠᠴᠠᠭᠠᠬᠤ ᠴᠢᠨᠠᠷ ᠰᠠᠶᠢᠲᠠᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠨ᠂ ︽ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠴᠢᠮ ᠠᠪᠤᠷᠠᠨ ᠲᠤᠰᠠᠯᠠᠬᠤ ᠦᠢᠯᠡᠴᠢᠯᠡᠭᠡᠨ ᠤ ᠬᠢᠵᠠᠭᠠᠷᠲᠠᠢ ᠬᠠᠷᠢᠭᠤᠴᠠᠯᠭᠠᠲᠤ ᠺᠣᠮᠫᠠᠨᠢ︾ ᠶᠢᠨ ᠤᠤᠯ ᠤᠨ ᠠᠪᠤᠷᠠᠨ ᠲᠤᠰᠠᠯᠠᠬᠤ ᠳᠤᠮᠳᠠ ᠠᠩᠭᠢ ᠶᠢᠨ ᠣᠷᠣᠨ ᠲᠤᠭ᠎ᠠ ᠶᠢᠨ ᠰᠠᠭᠤᠷᠢᠨ ᠳᠡᠭᠡᠷ᠎ᠡ᠂ 9 ᠬᠥᠮᠥᠨ ᠠᠴᠠ ᠲᠡᠭᠡᠭᠰᠢᠭᠢ 1 — 2 ᠪᠠᠭ᠎ᠠ ᠠᠩᠭᠢ ᠶᠢ ᠨᠡᠮᠡᠨ ᠪᠠᠶᠢᠭᠤᠯᠵᠤ᠂ ᠵᠣᠬᠢᠬᠤ ᠲᠣᠨᠤᠭ ᠲᠥᠬᠦᠭᠡᠷᠦᠮᠵᠢ ᠪᠠ ᠪᠠᠭᠠᠵᠢ ᠬᠡᠷᠡᠭᠰᠡᠯ ᠢ ᠪᠦᠷᠢᠨ ᠭᠦᠢᠴᠡᠳ ᠲᠣᠬᠢᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠨᠡᠭᠦᠷᠡᠰᠦᠨ ᠤ ᠪᠤᠰᠤ ᠠᠭᠤᠷᠬᠠᠢ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠩᠭᠢ ᠶᠢᠨ ᠪᠠᠷᠢᠮᠵᠢᠶ᠎ᠠ ᠳᠤ ᠭᠦᠷᠭᠡᠪᠡ᠃ ᠡᠭᠦᠨ ᠤ ᠬᠠᠮᠲᠤ᠂ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠠᠶᠢᠮᠠᠭ ᠤᠨ ᠲᠤᠰᠬᠠᠢ ᠲᠤᠰᠢᠶᠠᠯᠲᠤ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠶᠢᠨ ᠪᠠᠶᠢᠭᠤᠯᠤᠯᠲᠠ ᠶᠢᠨ ᠲᠤᠰᠬᠠᠶᠢᠵᠢᠭᠰᠠᠨ᠂ ᠪᠠᠷᠢᠮᠵᠢᠶᠠᠵᠢᠭᠰᠠᠨ᠂ ᠲᠦᠷᠢᠮᠵᠢᠭᠰᠡᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ ᠪᠤᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号