ᠰᠢᠯᠢ ᠶᠢᠨ ᠭᠤᠣᠯ ᠠᠶᠢᠮᠠᠭ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/4/25
     ᠰᠠᠯᠬᠢᠨ ᠬᠦᠴᠦᠨ ᠤ ᠴᠠᠬᠢᠯᠭᠠᠨ ᠤ ᠨᠡᠭᠦᠷᠡᠰᠦᠲᠥ᠋ᠷᠥᠭᠴᠢ  ᠦᠭᠡᠢ ᠤᠶᠤᠨᠳᠦ ᠦᠢᠯᠡᠳᠭᠡᠯ ᠤᠨ ᠠᠵᠤ ᠦᠢᠯᠡᠰ ᠤᠨ ᠬᠦᠷᠢᠶᠡᠯᠡᠩ ᠠᠴᠠ ᠵᠦᠡᠭ ᠴᠤᠸᠠᠨ ᠰᠠᠯᠬᠢᠨ ᠬᠦᠴᠦᠨ ᠤ ᠴᠠᠬᠢᠯᠭᠠᠨ ᠤ ᠰᠢᠨ᠎ᠡ ᠡᠨᠧᠷᠭᠢ ᠶᠢᠨ ᠲᠤᠨᠤᠭᠯᠠᠯ ᠦᠢᠯᠡᠳᠭᠡᠯ ᠤᠨ ᠠᠵᠤ ᠦᠢᠯᠡᠰ ᠤᠨ ᠬᠦᠷᠢᠶᠡᠯᠡᠩ ᠬᠦᠷᠲᠡᠯ᠎ᠡ᠂ ᠲᠠᠩ  ᠡᠾᠧ ᠬᠢᠮᠡᠯ ᠠᠯᠮᠠᠰ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠡᠬᠢᠯᠡᠨ ᠪᠠᠶᠢᠭᠤᠯᠤᠭᠰᠠᠨ ᠠᠴᠠ ᠠᠪᠤᠭᠠᠳ ᠱᠠᠩᠳᠤ ᠶᠢᠨ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠬᠰᠠᠨ ᠬᠦᠷᠲᠡᠯ᠎ᠡ ᠁      2023 ᠣᠨ ᠢ ᠡᠷᠭᠢᠴᠡᠭᠦᠯᠬᠦᠶ᠎ᠡ᠂ ᠠᠯᠢ ᠤᠯᠠᠨ ᠭᠤᠣᠯᠳᠠᠯᠭ᠎ᠠ ᠲᠠᠢ ᠲᠦᠷᠦᠯ ᠵᠦᠢᠯ ᠢ ᠶᠡᠬᠡᠪᠡᠷ ᠬᠢᠵᠦ ᠲᠦᠷᠭᠡᠨ ᠬᠥᠭᠵᠢᠭᠦᠯᠵᠦ᠂ ᠭᠤᠣᠯᠳᠠᠯᠭ᠎ᠠ ᠲᠠᠢ ᠢᠨᠵᠧᠨᠧᠷᠢᠩ ᠤᠳ ᠲᠤ ᠰᠢᠪᠳᠤᠯᠤᠯᠳᠡ ᠭᠠᠷᠭᠠᠵᠦ᠂ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠯ᠎ᠠ᠃      2023 ᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠦᠷ᠎ᠡ ᠪᠦᠳᠦᠮᠵᠢ ᠰᠠᠶᠢᠳᠠᠢ      ᠡᠪᠦᠯ ᠤᠨ ᠬᠠᠬᠢᠷ ᠬᠦᠢᠲᠡᠨ ᠳᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠮᠦᠨ ᠯᠠ ᠬᠥᠭᠵᠢᠶᠡᠨ ᠲᠠᠢ ᠶᠠᠪᠤᠭᠳᠠᠵᠤ᠂ 2023 ᠣᠨ ᠤ 11 ᠰᠠᠷ᠎ᠠ ᠶᠢᠨ ᠰᠡᠭᠦᠯᠴᠢ ᠪᠠᠷ᠂ ᠵᠢᠩ ᠨᠧᠩ ᠴᠠᠭᠠᠨ ᠨᠠᠭᠤᠷ ᠤᠨ ᠴᠠᠬᠢᠯᠭᠠᠨ ᠦᠢᠯᠡᠳᠪᠦᠷᠢ ᠶᠢᠨ ᠰᠠᠯᠭᠢ ᠭᠡᠷᠡᠯ ᠭᠠᠯ ᠨᠦᠭᠡᠴᠡ ᠡᠨᠧᠷᠬᠢ ᠤᠰᠤᠲᠥ᠋ᠷᠥᠭᠴᠢ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠬᠤᠪᠢᠶᠠᠷᠢ ᠲᠦᠷᠦᠯ ᠵᠦᠢᠯ᠂ ᠰᠥᠨᠢᠳ ᠵᠡᠭᠦᠨ ᠬᠤᠰᠢᠭᠤᠨ ᠤ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠪᠣᠯᠣᠨ ᠠᠪᠠᠭ᠎ᠠ ᠬᠤᠰᠢᠭᠤᠨ ᠤ 30 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠴᠥᠮ ᠠᠩᠬᠠᠳᠠᠭᠴᠢ ᠰᠠᠯᠬᠢᠨ ᠬᠦᠴᠦᠨ ᠤ ᠮᠠᠰᠢᠨ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠵᠡᠢ᠃ ᠨᠢᠭᠡ ᠪᠦᠯᠦᠭ ᠰᠢᠨ᠎ᠡ ᠡᠨᠧᠷᠭᠢ ᠶᠢᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠨᠢ ᠣᠷᠣᠨ ᠪᠦᠰᠡ ᠶᠢᠨ ᠡᠨᠧᠷᠭᠢ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠷᠣᠨ ᠨᠤᠲᠤᠭ ᠤᠨ ᠠᠵᠤ ᠠᠬᠤᠢ ᠶᠢ ᠲᠠᠶᠢᠴᠢᠯᠠᠨ᠂ ᠡᠨᠧᠷᠭᠢ ᠶᠢᠨ ᠪᠣᠬᠢᠷᠲᠤᠯ ᠦᠭᠡᠢ ᠲᠠᠶᠢᠰᠢ ᠭᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠪᠡ᠃      ᠨᠢᠳᠤᠨᠤᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠪᠣᠬᠢᠷᠲᠤᠯ ᠦᠭᠡᠢ ᠡᠨᠧᠷᠭᠢ ᠶᠢ ᠶᠡᠬᠡᠪᠡᠷ ᠬᠥᠭᠵᠢᠭᠦᠯᠵᠦ᠂ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠭᠠᠵᠠᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠣᠯ ᠥᠪᠥᠷ ᠮᠣᠩᠭᠤᠯ ᠤᠨ ᠬᠥᠭᠵᠢᠯᠲᠡ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ ᠭᠡᠵᠦ ᠴᠢᠬᠤᠯᠠᠴᠢᠯᠠᠪᠠ᠃ᠰᠢᠯᠢ ᠶᠢᠨ ᠭᠤᠣᠯ ᠠᠶᠢᠮᠠᠭ ᠥᠷᠢᠰᠦᠯᠳᠦᠭᠡᠨ ᠢᠶᠠᠷ ᠠᠵᠠ ᠲᠣᠬᠢᠶᠠᠯ ᠪᠤᠯᠭᠠᠵᠦ᠂ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠲᠠᠶᠢᠴᠢᠯᠠᠨ᠂ ᠰᠢᠨ᠎ᠡ ᠡᠨᠧᠷᠭᠢ ᠶᠢᠨ ᠪᠠᠭᠲᠠᠭᠠᠮᠵᠢ ᠶᠢ ᠪᠤᠵᠠᠭᠠᠶᠢᠷᠠᠭᠤᠯᠵᠤ᠂ 2023 ᠣᠨ ᠳᠤ ᠪᠦᠬᠦ ᠠᠶᠢᠮᠠᠭ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 1715 ᠲᠦᠮᠡᠨ ᠺᠢᠯᠣᠸᠠᠲ ᠲᠤ ᠬᠦᠷᠴᠦ᠂ ᠭᠠᠯ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ 1568 ᠲᠦᠮᠡᠨ ᠺᠢᠯᠣᠸᠠᠲ ᠲᠤ ᠬᠦᠷᠴᠦ᠂ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠣᠯᠣᠨ ᠴᠠᠬᠢᠯᠭᠠᠨ ᠭᠠᠷᠭᠠᠬᠤ ᠬᠡᠮᠵᠢᠶ᠎ᠡ ᠴᠥᠮ ᠪᠦᠬᠦ ᠣᠷᠣᠨ ᠳᠤ ᠲᠡᠷᠢᠭᠦᠯᠡᠪᠡ᠃      ᠲᠦᠷᠦᠯ ᠵᠦᠢᠯ ᠢ ᠡᠷᠲᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠬᠤ ᠶᠢᠨ ᠲᠥᠯᠥᠭᠡ᠂ ᠨᠢᠳᠤᠨᠤᠨ ᠪᠦᠬᠦ ᠠᠶᠢᠮᠠᠭ ᠲᠠᠶᠠᠭᠠᠷ ︽ᠪᠦᠭᠦᠨ ᠢ ᠪᠡᠶᠡᠯᠡᠭᠦᠯᠭᠦ ᠪᠤᠭᠤᠮᠳᠠ ᠰᠢᠪᠳᠤᠯᠬᠤ︾ ᠠᠵᠢᠯᠯᠠᠭ᠎ᠠ ᠦᠷᠨᠢᠭᠦᠯᠵᠦ᠂ ᠨᠢᠭᠡ ᠨᠢᠭᠡ ᠲᠦᠷᠦᠯ ᠵᠦᠢᠯ ᠢᠶᠠᠷ ᠠᠰᠠᠭᠤᠳᠠᠯ ᠢ ᠰᠤᠳᠤᠯᠦᠨ᠂ ᠨᠢᠭᠡ ᠨᠢᠭᠡ ᠭᠠᠷ ᠭᠦᠢᠴᠡᠳᠭᠡᠯ ᠢ ᠠᠩᠬᠠᠷᠤᠬᠰᠠᠨ ᠠᠴᠠ ᠨᠢᠳᠤᠨᠤᠨ ᠮᠠᠨ ᠤ ᠠᠶᠢᠮᠠᠭ ᠤᠨ ᠴᠢᠬᠤᠯᠠ ᠶᠡᠭᠡ ᠲᠦᠷᠦᠯ ᠵᠦᠢᠯ ᠤᠨ ᠭᠠᠷ ᠭᠦᠢᠴᠡᠳᠬᠡᠯ ᠪᠦᠷᠢᠨ ᠭᠦᠢᠴᠡᠳ ᠨᠤᠷᠮ᠎ᠠ᠂ ᠠᠵᠢᠯ ᠡᠬᠢᠯᠡᠭᠦᠯᠦᠭᠰᠡᠨ ᠨᠤᠷᠮ᠎ᠠ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠤᠷᠮ᠎ᠠ ᠴᠦᠮ 100% ᠭᠦᠷᠴᠦ᠂ ᠪᠦᠬᠦ ᠤᠷᠤᠨ ᠳᠤ ᠬᠠᠮᠤᠭ ᠤᠨ ᠤᠷᠢᠳ ᠢᠶᠠᠷ ᠬᠠᠷᠠᠯᠲᠠ ᠡᠭᠦᠷᠭᠡ ᠪᠠᠨ ᠪᠡᠶᠡᠯᠡᠭᠦᠯᠪᠡ᠃      ᠰᠥᠨᠢᠳ ᠪᠠᠷᠠᠭᠤᠨ ᠬᠤᠰᠢᠭᠤᠨ ᠤ ᠵᠦᠡᠭ ᠴᠠ ᠴᠠᠬᠢᠯᠭᠠᠨ ᠬᠥᠳᠡᠯᠭᠡᠭᠦᠷᠲᠦ ᠣᠶᠤᠨᠴᠢ ᠢᠨᠵᠧᠨᠧᠷᠢᠩ ᠤᠨ ᠲᠣᠨᠣᠭᠯᠠᠯ ᠤᠨ ᠲᠦᠷᠦᠯ ᠵᠦᠢᠯ ᠨᠢ ᠠᠵᠢᠯ ᠡᠬᠢᠯᠡᠭᠦᠯᠦᠭᠰᠡᠨ ᠠᠴᠠ ᠠᠪᠤᠭᠠᠳ ᠠᠩᠬᠠᠳᠠᠭᠴᠢ ᠪᠦᠯᠦᠭ ᠤᠨ ᠠᠴᠢᠶᠠᠯᠠᠪᠤᠷᠢ ᠶᠢᠨ ᠮᠠᠰᠢᠨ ᠢ ᠰᠦᠯᠵᠢᠶᠡᠨ ᠠᠴᠠ ᠪᠠᠭᠤᠯᠭᠠᠬᠤ ᠭᠦᠷᠳᠡᠯ᠎ᠠ 180 ᠡᠳᠦᠷ ᠯᠠ ᠭᠡᠷᠡᠭᠰᠡᠵᠠᠢ︔ ᠲᠠᠢ ᠽᠢ ᠴᠸᠡᠭ ᠠᠴᠠ ᠰᠢᠯᠢ ᠶᠢᠨ ᠬᠤᠳᠠ ᠭᠦᠷᠭᠦ ᠲᠡᠮᠦᠷ ᠵᠠᠮ ᠤᠨ ᠥᠪᠥᠷ ᠮᠣᠩᠭᠤᠯ ᠳᠠᠬᠢ ᠬᠡᠰᠡᠭ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠰᠢᠯᠤᠭᠤᠨ ᠬᠥᠬᠡ ᠬᠤᠰᠢᠭᠤ ᠠᠴᠠ ᠰᠢᠯᠢ ᠶᠢᠨ ᠬᠤᠲᠠ ᠬᠦᠷᠬᠦ ᠬᠡᠰᠡᠭ ᠤᠨ ᠴᠠᠬᠢᠯᠭᠠᠨᠵᠢᠭᠤᠯᠤᠯᠳᠠ ᠶᠢ ᠪᠡᠶᠡᠯᠡᠬᠦᠯᠪᠠ᠂ ᠡᠨᠡ ᠨᠢ ᠰᠢᠯᠢ ᠶᠢᠨ ᠭᠤᠣᠯ ᠤᠨ ᠲᠠᠯ᠎ᠠ ᠨᠤᠲᠤᠭ ᠤᠳᠠᠯ ᠦᠭᠡᠢ ᠬᠥᠳᠡᠯᠭᠡᠭᠦᠷᠲᠦ ᠲᠡᠷᠭᠡᠨ ᠤ ᠴᠠᠭ ᠦᠶ᠎ᠡ ᠳᠤ ᠣᠷᠣᠬᠤ ᠶᠢ ᠬᠠᠷᠠᠭᠤᠯᠵᠤ ᠪᠠᠶᠢᠨ᠎ᠠ︔  ᠰᠢᠯᠢ ᠶᠢᠨ ᠭᠤᠣᠯ ᠠᠶᠢᠮᠠᠭ ᠤᠨ ᠭᠠᠳᠠᠭᠰᠢ ᠬᠦᠷᠭᠡᠬᠦ ᠭᠤᠷᠪᠠᠳᠤᠭᠠᠷ ᠵᠠᠮ — ᠢᠯᠠᠯᠳᠠ ᠠᠴᠠ ᠵᠠᠩᠪᠧᠢ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠱᠤᠭᠤᠮ ᠤᠨ ᠪᠦᠲᠦᠭᠡᠨ ᠪᠠᠶᠢᠭᠤᠯᠤᠯᠲᠠ᠂ 400 ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠰᠢᠨ᠎ᠡ ᠡᠨᠧᠷᠭᠢ ᠶᠢ ᠲᠣᠭᠲᠠᠭᠤᠨ ᠢᠶᠠᠷ ᠤᠯᠠᠨ ᠭᠠᠷᠭᠠᠵᠤ᠂ ᠨᠡᠪᠲᠡᠷᠡᠬᠦ ᠵᠠᠮ ᠤᠨ ᠪᠤᠬᠢᠷᠳᠦᠯ ᠦᠭᠡᠢ ᠴᠠᠬᠢᠯᠭᠠᠨ ᠤ ᠡᠵᠡᠯᠡᠬᠦ ᠬᠠᠷᠢᠴᠠᠯ ᠢ ᠢᠳᠡᠭ ᠢᠳᠡᠭ ᠢᠶᠠᠷ ᠳᠡᠭᠡᠭᠰᠢᠯᠡᠭᠦᠯᠵᠦ᠂ ᠨᠡᠭᠡᠭᠡᠨ ᠠᠰᠢᠭᠯᠠᠬᠤ ᠪᠠ ᠪᠠᠭᠳᠠᠭᠠᠨ ᠰᠢᠩᠭᠡᠭᠡᠬᠦ ᠰᠢᠨ᠎ᠡ ᠵᠠᠮ ᠢ ᠨᠡᠭᠡᠭᠡᠪᠡ᠃      ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ︽ᠲᠡᠷᠢᠭᠦᠨ ᠢᠨᠵᠧᠨᠧᠷᠢᠩ︾ ᠪᠣᠯᠣᠨ᠎ᠠ᠃ 2023 ᠣᠨ ᠳᠤ᠂ ᠪᠥᠬᠦ ᠠᠶᠢᠮᠠᠭ ᠤᠨ ᠬᠡᠷᠡᠭᠵᠢᠭᠦᠯᠦᠭᠰᠡᠨ ᠠᠶᠢᠮᠠᠭ ᠤᠨ ᠲᠠᠰ ᠤᠨ 168 ᠭᠤᠣᠯᠳᠠᠯᠭ᠎ᠠ ᠲᠠᠢ ᠲᠥᠷᠥᠯ ᠵᠦᠢᠯ ᠴᠦᠮ ᠪᠠᠷᠢᠯᠭ᠎ᠠ ᠡᠭᠢᠯᠡᠭᠦᠯᠦᠨ ᠠᠵᠢᠯ ᠢᠶᠠᠨ ᠰᠡᠷᠭᠦᠭᠡᠵᠦ᠂ 390 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ 105% ᠭᠦᠷᠴᠦ᠂ ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠪᠠᠨ ᠳᠠᠪᠠᠭᠤᠯᠤᠨ ᠪᠡᠶᠡᠯᠡᠭᠦᠯᠪᠡ᠃ ᠡᠭᠦᠨ ᠳᠤ᠂ ᠡᠨᠧᠷᠭᠢ ᠶᠢᠨ ᠲᠥᠷᠥᠯ ᠵᠦᠢᠯ ᠳᠤ 299.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠦ᠂ ᠠᠵᠤ ᠦᠢᠯᠡᠳᠪᠦᠷᠢ ᠵᠢᠴᠢ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠳᠤ 34.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠦ᠂ ᠰᠠᠭᠤᠷᠢ ᠲᠦᠭᠦᠭᠡᠷᠦᠮᠵᠢ ᠶᠢᠨ ᠲᠥᠷᠥᠯ ᠵᠦᠢᠯ ᠳᠤ 35.5 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠦ᠂ ᠨᠡᠶᠢᠭᠡᠮ ᠤᠨ ᠠᠵᠢᠯ ᠦᠢᠯᠡᠰ ᠵᠢᠴᠢ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ ᠳᠤ 15.8 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠦ᠂ ᠠᠮᠢ ᠠᠬᠤᠢ ᠶᠢᠨ ᠬᠠᠮᠠᠭᠠᠯᠠᠯᠲᠠ ᠬᠢᠭᠡᠳ ᠬᠥᠭᠵᠢᠯᠲᠡ ᠶᠢᠨ ᠲᠥᠷᠥᠯ ᠵᠦᠢᠯ ᠳᠤ 5.2 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠪᠠ᠃      2024 ᠣᠨ ᠳᠤ ᠲᠦᠷᠦᠯ ᠵᠦᠢᠯ ᠢ ᠤᠷᠢᠳ ᠢᠶᠠᠷ ᠪᠠᠶᠢᠭᠤᠯᠵᠤ ᠳᠠᠷᠠᠭ᠎ᠠ ᠨᠢ ᠰᠢᠪᠳᠤᠯᠬᠤ ᠲᠡᠭᠡᠷ᠎ᠠ ᠭᠦᠴᠦᠯᠡᠨ᠎ᠠ      2024 ᠣᠨ ᠤ ᠴᠠᠭᠠᠨ ᠰᠠᠷ᠎ᠠ ᠶᠢᠨ ᠠᠮᠠᠷᠠᠯᠲᠠ ᠳᠠᠭᠤᠰᠤᠮᠠᠭᠴᠠ᠂ ᠪᠥᠬᠦ ᠠᠶᠢᠮᠠᠭ ᠤᠨ ᠡᠯ᠎ᠡ ᠭᠠᠵᠠᠷ ᠤᠨ ᠬᠢᠨ ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠰᠠᠭᠤᠷᠢᠯᠠᠨ᠂ ᠪᠥᠬᠦ ᠬᠦᠴᠦᠨ ᠢᠶᠠᠷ ᠠᠵᠤ ᠠᠬᠤᠢ ᠶᠢ ᠠᠳᠬᠤᠨ᠂ ᠰᠠᠶᠢᠨ ᠡᠬᠢᠯᠡᠯᠲᠡ ᠶᠢ ᠡᠭᠦᠳᠭᠦ ᠪᠠᠷ ᠴᠢᠷᠮᠠᠶᠢᠪᠠ᠃ 3 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠠᠶᠢᠮᠠᠭ ᠤᠨ 265 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ ᠬᠡᠪ ᠤᠨ ᠦᠢᠯᠡᠳᠪᠦᠷᠢᠯᠡᠯ ᠢᠶᠠᠨ ᠰᠡᠷᠭᠦᠬᠡᠭᠰᠡᠨ ᠠᠵᠤ ᠠᠬᠤᠶᠢᠯᠠᠯ 205᠂ ᠤᠯᠠᠷᠢᠯ ᠤᠨ ᠴᠢᠨᠠᠷᠲᠠᠢ ᠬᠡᠪ ᠤᠨ ᠦᠢᠯᠡᠳᠪᠦᠷᠢᠯᠡᠯ ᠢᠶᠠᠨ ᠵᠣᠭᠰᠣᠭᠠᠭᠰᠠᠨ ᠠᠵᠤ ᠠᠬᠤᠶᠢᠯᠠᠯ 48 ᠪᠠᠶᠢᠵᠤ᠂ ᠤᠯᠠᠷᠢᠯ ᠤᠨ ᠴᠢᠨᠠᠷᠲᠠᠢ ᠦᠢᠯᠡᠳᠪᠦᠷᠢᠯᠡᠯ ᠢᠶᠠᠨ ᠵᠣᠭᠰᠣᠭᠠᠭᠰᠠᠨ ᠬᠦᠴᠦᠨ ᠵᠦᠢᠯ ᠢ ᠭᠠᠷᠭᠠᠪᠠᠯ᠂ ᠠᠵᠢᠯ ᠢᠶᠠᠨ ᠰᠡᠷᠭᠦᠬᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠨᠣᠷᠮ᠎ᠠ 95% ᠳᠤ ᠬᠥᠷᠪᠡ᠃      3 ᠰᠠᠷ᠎ᠠ ᠶᠢᠨ ᠳᠤᠮᠳᠠᠴᠢ ᠪᠠᠷ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ᠂ ᠪᠠᠶᠠᠨᠬᠤᠸᠠ ᠠᠭᠤᠷᠬᠠᠢ ᠶᠢᠨ ᠳᠡᠷᠭᠡᠳᠡᠬᠢ ᠴᠠᠬᠢᠯᠭᠠᠨ ᠭᠠᠷᠭᠠᠬᠤ ᠺᠣᠮᠫᠠᠨᠢ ᠶᠢᠨ 2 × 66 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ ᠶᠢᠨ ᠰᠢᠨ᠎ᠡ ᠪᠠᠷ ᠪᠠᠶᠢᠭᠤᠯᠬᠤ ᠢᠨᠵᠧᠨᠧᠷᠢᠩ ᠤᠨ 1 ᠳ᠋ᠤᠭᠡᠷ ᠮᠠᠰᠢᠨ ᠴᠣᠭᠴᠠᠯᠠᠪᠤᠷᠢ ᠶᠢ ᠨᠢᠭᠡ ᠤᠳᠠᠭ᠎ᠠ ᠠᠮᠵᠢᠯᠲᠠ ᠲᠠᠢ ᠪᠠᠷ ᠲᠣᠥᠷ ᠲᠤ ᠨᠡᠶᠢᠯᠡᠭᠦᠯᠪᠡ᠃ ᠡᠨᠡ ᠲᠦᠷᠦᠯ ᠵᠦᠢᠯ ᠢ ᠲᠣᠣᠷ ᠲᠤ ᠨᠡᠶᠢᠯᠡᠭᠦᠯᠵᠦ ᠠᠮᠵᠢᠯᠲᠠ ᠣᠯᠣᠭᠰᠠᠨ ᠨᠢ ᠲᠤᠰ ᠮᠠᠰᠢᠨ ᠴᠣᠭᠴᠠᠯᠠᠪᠤᠷᠢ ᠶᠢᠨ ᠰᠢᠯᠢ ᠶᠢᠨ ᠭᠤᠣᠯ ᠠᠶᠢᠮᠠᠭ ᠠᠴᠠ ᠲᠠᠶᠢᠵᠧᠦ ᠬᠦᠷᠬᠦ ±800 ᠺᠢᠯᠤᠸᠤᠯᠲ ᠤᠨ ᠤᠨᠴᠠ ᠥᠨᠳᠥᠷ ᠬᠦᠴᠦᠳᠡᠯᠲᠦ ᠲᠣᠭᠲᠠᠮᠠᠯ ᠭᠦᠶᠦᠳᠡᠯᠲᠦ ᠴᠠᠬᠢᠯᠭᠠᠨ ᠬᠦᠷᠭᠡᠬᠦ ᠬᠡᠯᠬᠢᠶ᠎ᠡ ᠪᠠᠷ ᠳᠠᠮᠵᠢᠨ ᠭᠠᠳᠠᠭᠰᠢ ᠴᠠᠬᠢᠯᠭᠠᠨ ᠬᠦᠷᠭᠡᠬᠦ ᠴᠢᠳᠠᠪᠤᠷᠢ ᠶᠢ ᠪᠦᠷᠢᠳᠦᠭᠦᠯᠵᠦ᠂ ᠪᠦᠬᠦ ᠠᠶᠢᠮᠠᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠨᠡᠭᠦᠷᠡᠰᠦ ᠶᠢ ᠲᠤᠬᠠᠢ ᠶᠢᠨ ᠭᠠᠵᠠᠷ ᠲᠤᠨᠢ ᠤᠯᠠᠷᠢᠭᠤᠯᠬᠤ ᠵᠢᠴᠢ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃      ᠡᠨᠡ ᠵᠢᠯ ᠠᠴᠠ ᠨᠠᠭᠠᠰᠢ᠂ ᠰᠢᠯᠢ ᠶᠢᠨ ᠭᠤᠣᠯ ᠠᠶᠢᠮᠠᠭ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾  ᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠨᠢᠭᠡ ᠪᠦᠯᠦᠭ ᠰᠠᠭᠤᠷᠢ ᠶᠢ ᠪᠠᠭᠢᠵᠢᠭᠦᠯᠭᠦ᠂ ᠠᠯᠤᠰ ᠬᠡᠲᠦ ᠳᠤ ᠠᠰᠢᠭᠲᠠᠢ᠂ ᠰᠡᠯᠭᠦᠬᠦ ᠬᠦᠴᠦᠨ ᠢ ᠨᠡᠮᠡᠭᠳᠡᠭᠦᠯᠬᠦ ᠴᠢᠬᠤᠯᠠ ᠶᠡᠭᠡ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠨ ᠨᠥᠭᠡᠴᠡᠯᠡᠵᠦ ᠪᠤᠢ᠃ 2024 ᠣᠨ ᠳᠤ᠂ ᠶᠡᠷᠦᠩᠬᠡᠢ ᠪᠡᠯᠡ ᠣᠷᠣᠭᠤᠯᠤᠯᠲᠠ ᠨᠢ 1445 ᠳ᠋ᠦᠩᠰᠢᠭᠤᠷ ᠲᠥᠭᠦᠷᠢᠭ ᠪᠤᠯᠬᠤ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠬᠤᠯᠠ ᠶᠡᠭᠡ ᠲᠥᠷᠥᠯ ᠵᠦᠢᠯ ᠢ ᠠᠩᠬ᠎ᠠ ᠠᠯᠬᠤᠮ 160 ᠶᠢ ᠤᠷᠤᠭᠤᠯᠵᠦ᠂ ᠵᠢᠯ ᠤᠨ ᠳᠣᠲᠣᠷ᠎ᠠ 425 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠲᠥᠷᠥᠯ ᠵᠦᠢᠯ ᠤᠨ ᠲᠤᠭ᠎ᠠ ᠪᠠ ᠣᠨ ᠤ ᠪᠡᠯᠡ ᠣᠷᠣᠭᠤᠯᠤᠯᠲᠠ ᠨᠢ ᠨᠢᠳᠤᠨᠤᠨ ᠤ ᠬᠢ ᠠᠴᠠ ᠲᠣᠰ ᠲᠣᠰ 10 ᠪᠠ 12.6% ᠪᠠᠷ ᠨᠡᠮᠡᠭᠳᠡᠪᠡ᠃      ᠲᠥᠷᠥᠯ ᠵᠦᠢᠯ ᠢ ᠬᠥᠳᠡᠯᠭᠡᠭᠦ ᠠᠴᠠ ᠡᠮᠦᠨ᠎ᠠ ᠭᠠᠷ ᠭᠦᠢᠴᠡᠳᠬᠡᠯ ᠢ ᠤᠷᠢᠳ ᠢᠶᠠᠷ ᠬᠢᠨ᠎ᠡ᠃ ᠨᠢᠳᠤᠨᠤᠨ ᠤ 9 ᠰᠠᠷ᠎ᠠ ᠠᠴᠠ ᠡᠬᠢᠯᠡᠨ᠂ ᠮᠠᠨ ᠤ ᠠᠶᠢᠮᠠᠭ 2024 ᠣᠨ ᠤ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠲᠦᠷᠦᠭᠦᠴᠢ ᠶᠢᠨ ᠬᠤᠭᠤᠴᠠᠭᠠᠨ ᠤ ᠭᠠᠷᠳᠠᠮ ᠢ ᠭᠦᠢᠴᠡᠳᠬᠡᠬᠦ ᠲᠤᠰᠬᠠᠢ ᠠᠵᠢᠯᠯᠠᠭ᠎ᠠ ᠶᠢ ᠡᠬᠢᠯᠡᠭᠦᠯᠵᠦ᠂ ᠲᠥᠷᠥᠯ ᠵᠦᠢᠯ ᠤᠨ ᠡᠯ᠎ᠡ ᠵᠦᠢᠯ ᠤᠨ ᠭᠠᠷᠳᠠᠮ ᠢ ᠵᠦᠢᠯ ᠳᠠᠷᠠᠭᠠᠯᠠᠨ ᠡᠮᠬᠢᠯᠡᠨ ᠳᠢᠭᠯᠡᠪᠡ᠃ ᠡᠨᠡ ᠵᠢᠯ ᠤᠨ 3 ᠰᠠᠷ᠎ᠠ ᠶᠢᠨ ᠰᠡᠭᠦᠯᠴᠢ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠰ ᠤᠨ 160 ᠴᠢᠬᠤᠯᠠ ᠶᠡᠭᠡ ᠲᠥᠷᠥᠯ ᠵᠦᠢᠯ ᠤᠨ ᠳᠣᠲᠣᠷ᠎ᠠ ᠨᠢᠭᠡᠨᠲᠡ 157 ᠲᠥᠷᠥᠯ ᠵᠦᠢᠯ ᠤᠨ ᠭᠠᠷᠳᠠᠮ ᠢ ᠨᠢᠭᠡᠨᠳᠡ ᠭᠦᠢᠴᠡᠳᠭᠡᠵᠦ᠂ ᠡᠭᠦᠨ ᠳᠤ 90 ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠳᠣᠲᠣᠷᠠᠬᠢ 87 ᠲᠥᠷᠥᠯ ᠵᠦᠢᠯ ᠤᠨ ᠭᠠᠷᠳᠠᠮ ᠪᠦᠷᠢᠨ ᠭᠦᠢᠴᠡᠳ ᠪᠠᠶᠢᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠠᠷᠳᠠᠮ ᠪᠦᠷᠢᠨ ᠭᠦᠢᠴᠡᠳ ᠨᠣᠷᠮ᠎ᠠ 96.7% ᠪᠠᠶᠢᠵᠤ᠂ ᠪᠥᠬᠦ ᠣᠷᠣᠨ ᠳᠤ ᠬᠤᠶᠠᠳᠤᠭᠠᠷ ᠲᠤ ᠣᠷᠣᠪᠠ᠃      2024 ᠣᠨ ᠳᠤ᠂ ᠰᠢᠯᠢ ᠶᠢᠨ ᠭᠤᠣᠯ ᠠᠶᠢᠮᠠᠭ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠲᠠᠳᠠᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ︽ᠲᠡᠷᠢᠭᠦᠨ ᠢᠨᠵᠧᠨᠧᠷᠢᠩ︾ ᠪᠣᠯᠭᠠᠵᠤ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ ᠲᠦᠷᠭᠡᠨ ᠠᠵᠢᠯᠯᠠᠭᠤᠯᠬᠤ ᠵᠢᠴᠢ ᠲᠤᠨᠤᠭᠯᠠᠯ ᠦᠢᠯᠡᠳᠭᠡᠯ ᠤᠨ ᠠᠵᠤ ᠦᠢᠯᠡᠰ ᠤᠨ ᠬᠡᠯᠬᠢᠶ᠎ᠡ᠂ ᠨᠦᠭᠡᠴᠡ ᠡᠨᠧᠷᠭᠢ ᠳ᠋ᠢᠶᠠᠨ ᡂᠢ ᠶᠢᠨ ᠠᠵᠤ ᠦᠢᠯᠡᠰ ᠤᠨ ᠬᠡᠯᠬᠢᠶ᠎ᠡ᠂ ᠲᠡᠷᠢᠭᠦᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠵᠡᠷᠭᠡ ᠲᠠᠯ᠎ᠠ ᠪᠠᠷ ᠭᠠᠷᠳᠠᠮ ᠭᠦᠢᠴᠡᠳᠭᠡᠭᠦ ᠪᠣᠭᠤᠮᠲᠠ ᠰᠢᠪᠲᠤᠯᠬᠤ ᠪᠠ ᠲᠦᠷᠦᠯ ᠵᠦᠢᠯ ᠢ ᠨᠤᠳᠤᠭᠰᠢᠭᠤᠯᠤᠨ ᠪᠦᠲᠦᠭᠡᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠪᠦᠲᠦᠭᠡᠨ ᠪᠠᠶᠢᠭᠤᠯᠬᠤ᠂ ᠨᠢᠭᠡ ᠪᠦᠯᠦᠭ ᠢ ᠪᠠᠷᠢᠯᠭ᠎ᠠ ᠳᠠᠭᠤᠰᠬᠠᠬᠤ ᠪᠠᠶᠢᠷᠢᠰᠢᠯ ᠢ ᠪᠦᠷᠢᠯᠳᠦᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠤᠷᠤᠯᠳᠤᠭᠠᠨ ᠤ ᠵᠠᠮ ᠳᠡᠭᠡᠷ᠎ᠡ ᠦᠷᠭᠦᠯᠵᠢᠯᠡᠨ ᠲᠡᠮᠡᠴᠡᠵᠦ᠂ ᠲᠠᠬᠢᠨᠳᠠ ᠰᠢᠨ᠎ᠡ ᠥᠨᠳᠥᠷ ᠲᠦᠪᠰᠢᠨ ᠳᠤ ᠭᠦᠷᠭᠦ ᠶᠢ ᠪᠡᠶᠡᠯᠡᠭᠦᠯᠦᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号