ᠠᠶᠢᠮᠠᠭ ᠤᠨ ᠵᠠᠬᠢᠷᠭ᠎ᠠ ᠠᠵᠦ ᠠᠬᠤᠢ ᠶᠢᠨ ᠡᠷᠬᠢᠯᠲᠡ ᠶᠢᠨ ᠵᠠᠳᠠᠯᠤᠯᠲᠠ ᠪᠠ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/26
     4 ᠰᠠᠷ᠎ᠠ ᠶᠢᠨ 25 ᠤ ᠡᠳᠦᠷ᠂ ᠠᠶᠢᠮᠠᠭ ᠤᠨ ᠵᠠᠬᠢᠷᠭ᠎ᠠ ᠠᠵᠤ ᠠᠬᠤᠢ ᠶᠢᠨ ᠡᠷᠬᠢᠯᠲᠡ ᠶᠢᠨ ᠵᠠᠳᠠᠯᠤᠯᠲᠠ ᠪᠠ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠨᠡ ᠵᠢᠯ ᠠᠴᠠ ᠨᠠᠭᠠᠰᠢ᠂ ᠪᠦᠬᠦ ᠠᠶᠢᠮᠠᠭ ᠳᠠᠶᠠᠭᠠᠷ ᠤᠨ ᠬᠠᠮᠲᠦ ᠶᠢᠨ ᠴᠢᠷᠮᠠᠶᠢᠯᠭ᠎ᠠ ᠲᠤᠤᠷ᠎ᠠ᠂ ᠨᠢᠭᠡᠳᠦᠭᠡᠷ ᠤᠯᠠᠷᠢᠯ ᠤᠨ ᠠᠵᠦ ᠠᠬᠤᠢ ᠶᠢᠨ ᠬᠦᠭᠵᠢᠯᠲᠡ ᠰᠠᠶᠢᠨ ᠡᠬᠢᠯᠡᠯᠲᠡ ᠲᠠᠢ ᠪᠤᠯᠵᠦ᠂ ᠲᠤᠬᠲᠠᠭᠤᠨ ᠤ ᠳᠤᠮᠳᠠ ᠤᠷᠤᠬᠰᠢᠯᠠᠨ ᠲᠠᠪᠰᠢᠬᠤ᠂ ᠤᠷᠤᠬᠰᠢᠯᠠᠨ ᠲᠠᠪᠰᠢᠬᠤ ᠳᠤᠮᠳᠠ ᠨᠡᠮᠡᠭᠳᠡᠯ ᠲᠠᠢ ᠪᠤᠯᠬᠤ ᠪᠠᠶᠢᠳᠠᠯ ᠢᠯᠡᠷᠡᠪᠠ᠂ ᠭᠡᠪᠡᠴᠦ ᠠᠵᠦ ᠠᠬᠤᠢ ᠶᠢᠨ ᠰᠡᠷᠭᠦᠯᠲᠡ ᠶᠢᠨ ᠰᠠᠭᠤᠷᠢ ᠮᠦᠨ ᠬᠦ ᠪᠠᠲᠦ ᠪᠠᠬᠢ ᠪᠢᠰᠢ ᠪᠠᠶᠢᠵᠦ᠂ ᠬᠡᠷᠡᠭᠯᠡᠬᠡᠨ ᠤ ᠳᠡᠭᠡᠭᠰᠢᠯᠡᠯᠲᠡ ᠶᠢ ᠮᠦᠨ ᠬᠦ ᠴᠢᠩᠭᠠᠳᠬᠠᠬᠤ ᠴᠢᠬᠤᠯᠠᠲᠠᠢ ᠪᠠᠶᠢᠨ᠎ᠠ᠃ ᠡᠯ᠎ᠠ ᠭᠠᠵᠠᠷ ᠤᠷᠤᠨ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠲᠦᠪ ᠤᠨ ᠰᠶᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠦᠪᠡᠷᠲᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠢᠲᠡᠭᠡᠯ ᠵᠤᠷᠢᠭ ᠢᠶᠠᠨ ᠤᠯᠠᠮ ᠪᠠᠲᠤᠳᠬᠠᠵᠦ᠂ ᠪᠦᠬᠦ ᠵᠢᠯ ᠤᠨ ᠬᠠᠷᠠᠯᠲᠠ ᠶᠢ ᠴᠢᠭᠯᠡᠨ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠴᠢᠨᠠᠷ ᠰᠠᠶᠢᠲᠠᠢ ᠲᠦᠷᠦᠯ ᠵᠦᠢᠯ ᠤᠨ ᠨᠦᠭᠡᠴᠡᠯᠡᠯᠲᠡ ᠪᠠ ᠠᠷᠠᠯᠵᠢᠶᠠᠴᠢᠨ ᠤᠷᠢᠵᠦ ᠪᠡᠯᠡ ᠲᠠᠲᠠᠬᠤ ᠠᠵᠢᠯ ᠢ ᠴᠢᠩᠭ᠎ᠠ ᠠᠳᠬᠤᠵᠦ᠂ ᠠᠵᠦ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠶᠢᠳᠪᠦᠷᠢᠯᠡᠬᠦ᠂ ᠬᠡᠷᠡᠭᠯᠡᠭᠡ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠦ᠂ ᠲᠦᠷᠢᠮ ᠢ ᠳᠡᠭᠡᠭᠰᠢᠯᠡᠬᠦᠯᠦᠨ ᠨᠢᠭᠡᠳᠦᠯᠲᠠᠢ ᠪᠠᠶᠢᠯᠭᠠᠬᠤ᠂ ᠲᠦᠷᠦᠯ ᠵᠦᠢᠯ ᠢ ᠬᠦᠮᠦᠷᠭᠡ ᠳᠤ ᠤᠷᠤᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠵᠦ᠂ ᠪᠦᠬᠦ ᠬᠤᠭᠤᠴᠠᠭ᠎ᠠ ᠪᠦᠬᠦ ᠬᠡᠯᠬᠢᠶ᠎ᠠ ᠶᠢᠨ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠠ᠂ ᠠᠶᠤᠯᠬᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠠᠢ ᠲᠦᠯᠦᠪᠵᠢᠭᠦᠯᠦᠨ ᠰᠠᠶᠢᠳᠤᠷ ᠠᠳᠬᠤᠵᠦ᠂ ᠠᠵᠦ ᠠᠬᠤᠶᠢᠯᠠᠯ ᠤᠨ ᠲᠤᠬᠲᠠᠭᠤᠨ ᠦᠢᠯᠡᠳᠪᠦᠷᠢᠯᠡᠯ ᠢ ᠪᠠᠲᠤᠯᠠᠵᠦ᠂ ᠴᠢᠳᠠᠪᠤᠷᠢ ᠶᠢ ᠦᠷᠭᠡᠳᠬᠡᠨ ᠦᠷ᠎ᠠ ᠠᠰᠢᠭ ᠢ ᠨᠡᠮᠡᠭᠳᠡᠬᠦᠯᠬᠦ ᠶᠢ ᠠᠬᠢᠭᠤᠯᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠭᠦ ᠳᠤ ᠰᠠᠭᠤᠷᠢ ᠲᠠᠯᠪᠢᠬᠤ ᠬᠡᠷᠡᠭᠲᠠᠢ ᠭᠡᠵᠠᠢ᠃      ᠬᠤᠷᠠᠯ ᠢ ᠸᠢᠳᠢᠤ᠋ ᠬᠡᠯᠪᠡᠷᠢ ᠪᠠᠷ ᠡᠯ᠎ᠠ ᠬᠤᠰᠢᠭᠤ ᠰᠢᠶᠠᠨ ᠬᠤᠲᠠ ︵ᠤᠷᠤᠨ︶ ᠳᠤ ᠬᠦᠷᠲᠠᠯ᠎ᠠ ᠬᠤᠷᠠᠯᠳᠤᠭᠤᠯᠪᠠ᠃                                                        ᠣᠷᠴᠢᠭᠤᠯᠣᠭᠴᠢ᠄ ᠣᠶᠣᠩᠬᠤᠸᠠᠷ  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号