ᠠᠶᠢᠮᠠᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ 2024 ᠤᠨ ᠤ ᠲᠠᠪᠤᠳᠤᠭᠠᠷ ᠤᠳᠠᠭ᠎ᠠ ᠶᠢᠨ ᠬᠠᠮᠳᠦ ᠶᠢᠨ ᠰᠤᠷᠤᠯᠴᠠᠯᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/4/28
     4 ᠰᠠᠷ᠎ᠠ ᠶᠢᠨ 26 ᠤ ᠡᠳᠦᠷ᠂ ᠠᠶᠢᠮᠠᠭ ᠤᠨ ᠤᠨᠤᠯ ᠰᠤᠷᠤᠯᠴᠠᠬᠤ ᠭᠤᠤᠯ ᠲᠤᠭᠤᠶᠢᠯᠠᠩ 2024 ᠤᠨ ᠤ ᠲᠠᠪᠤᠳᠤᠭᠠᠷ ᠤᠳᠠᠭ᠎ᠠ ᠶᠢᠨ ᠬᠠᠮᠳᠦ ᠶᠢᠨ ᠰᠤᠷᠤᠯᠴᠠᠯᠭ᠎ᠠ ᠦᠷᠨᠢᠭᠦᠯᠵᠦ᠂ ᠰᠢ ᠶᠢᠨ ᠫᠢᠡᠭ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠤᠭᠤᠷᠢᠨ ᠳᠤ ᠬᠠᠮᠳᠦ ᠶᠢᠨ ᠰᠤᠷᠤᠯᠴᠠᠯᠭ᠎ᠠ ᠬᠢᠪᠠ᠃ ᠠᠶᠢᠮᠠᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠪᠦᠷᠢᠯᠳᠦᠭᠦᠨ ᠪᠠ ᠠᠶᠢᠮᠠᠭ ᠤᠨ ᠬᠤᠯᠪᠤᠭᠳᠠᠯ ᠪᠦᠭᠦᠢ ᠰᠠᠯᠠᠭ᠎ᠠ ᠮᠦᠴᠢᠷ᠂ ᠨᠢᠭᠡᠴᠢ ᠶᠢᠨ ᠬᠠᠷᠢᠭᠤᠴᠠᠯᠭᠠᠳᠠᠨ ᠨᠦᠭᠦᠳ ᠰᠤᠷᠤᠯᠴᠠᠯᠭ᠎ᠠ ᠳᠤ ᠤᠷᠤᠯᠴᠠᠪᠠ᠃      ᠬᠠᠮᠳᠦ ᠶᠢᠨ ᠰᠤᠷᠤᠯᠴᠠᠯᠭ᠎ᠠ ᠶᠢᠨ ᠬᠤᠷᠠᠯ ᠲᠡᠭᠡᠷ᠎ᠠ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠲᠡᠭᠡᠳᠦ ᠰᠤᠷᠭᠠᠭᠤᠯᠢ︶ ᠶᠢᠨ ᠬᠢᠴᠢᠶᠡᠯ ᠭᠦᠮᠦᠵᠢᠯ ᠤᠨ ᠭᠠᠵᠠᠷ ᠤᠨ ᠳᠠᠷᠤᠭ᠎ᠠ᠂ ᠬᠠᠤᠯᠢ ᠶᠢᠨ ᠤᠬᠠᠭᠠᠨ ᠤ ᠭᠡᠯᠳᠡᠰ ᠤᠨ ᠡᠷᠭᠢᠯᠡᠭᠴᠢ ᠬᠤᠸᠠᠩ ᠸᠧᠢ ᠠᠴᠠ ᠰᠢ ᠶᠢᠨ ᠫᠢᠡᠭ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠤᠭᠤᠷᠢᠨ ᠳᠤ ᠰᠤᠷᠤᠯᠴᠠᠯᠭ᠎ᠠ ᠳᠤ ᠤᠷᠤᠯᠴᠠᠬᠰᠠᠨ ᠨᠦᠭᠦᠳ ᠲᠤ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠤᠯᠭ᠎ᠠ ᠬᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠰᠢ ᠶᠢᠨ ᠫᠢᠡᠭ ᠤᠨ ᠬᠠᠤᠯᠢᠵᠢᠯ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ᠲᠡᠭᠦᠨ ᠳᠤ ᠠᠭᠤᠯᠤᠬᠳᠠᠵᠦ ᠪᠠᠶᠢᠭ᠎ᠠ ᠪᠠᠳᠦ ᠴᠢᠩᠭ᠎ᠠ ᠭᠦᠰᠡᠯᠡᠩ ᠢᠳᠡᠭᠡᠯ ᠪᠢᠰᠢᠷᠠᠯ᠂ ᠢᠯᠡ ᠲᠤᠳᠤ ᠤᠯᠤᠰ ᠲᠦᠷᠦ ᠶᠢᠨ ᠤᠳᠤᠷᠢᠳᠤᠮᠵᠢ᠂ ᠠᠯᠤᠰ ᠬᠤᠯᠠ ᠶᠢᠨ ᠪᠠᠶᠢᠯᠳᠤᠬᠤ ᠪᠤᠳᠤᠯᠭ᠎ᠠ ᠶᠢᠨ ᠰᠡᠳᠭᠢᠭᠦᠢ᠂ ᠬᠤᠷᠴᠠ ᠴᠢᠩᠭ᠎ᠠ ᠨᠡᠶᠢᠭᠡᠮ ᠤᠨ ᠡᠭᠦᠷᠭᠡᠯᠡᠯ᠂ ᠴᠢᠩ ᠦᠨᠡᠨ ᠠᠷᠠᠳ ᠲᠦᠮᠡᠨ ᠤ ᠬᠠᠶᠢᠷ᠎ᠠ ᠰᠡᠳᠭᠢᠯᠭᠡ᠂ ᠰᠢᠨᠵᠢᠯᠡᠭᠦ ᠤᠬᠠᠭᠠᠨᠴᠢ ᠦᠵᠡᠯ ᠰᠠᠨᠠᠭ᠎ᠠ ᠠᠷᠭ᠎ᠠ ᠭᠡᠯᠪᠡᠷᠢ ᠶᠢ ᠭᠦᠨᠵᠡᠭᠡᠢ ᠤᠶᠢᠯᠠᠭᠠᠵᠦ᠂ ᠬᠠᠤᠯᠢᠵᠢᠯ ᠤᠨ ᠤᠬᠠᠮᠰᠠᠷ᠂ ᠬᠠᠤᠯᠢᠵᠢᠯ ᠤᠨ ᠰᠡᠳᠭᠢᠭᠦᠢ ᠪᠠ ᠬᠠᠤᠯᠢᠵᠢᠯ ᠤᠨ ᠭᠡᠪ ᠪᠤᠯᠪᠠᠰᠤᠷᠠᠯ ᠢᠶᠠᠨ ᠤᠯᠠᠮ ᠨᠢᠭᠡ ᠠᠯᠬᠤᠮ ᠴᠢᠩᠭᠠᠳᠬᠠᠵᠦ᠂ ᠰᠠᠨᠠᠭᠠᠴᠢᠯᠠᠭ᠎ᠠ ᠠᠴᠠ ᠪᠠᠨ ᠬᠠᠤᠯᠢ ᠶᠢ ᠲᠡᠭᠡᠳᠦᠯᠡᠵᠦ ᠬᠠᠤᠯᠢ ᠶᠢ ᠰᠤᠷᠤᠯᠴᠠᠨ ᠬᠠᠤᠯᠢ ᠶᠢ ᠰᠠᠬᠢᠵᠤ ᠬᠠᠤᠯᠢ ᠶᠢ ᠭᠡᠷᠡᠭᠯᠡᠭᠦ ᠵᠢᠱᠢᠶᠡᠴᠢ ᠪᠤᠯᠵᠦ᠂ ᠬᠠᠤᠯᠢᠵᠢᠯ ᠤᠨ ᠦᠵᠡᠯ ᠰᠠᠨᠠᠭ᠎ᠠ ᠪᠠ ᠬᠠᠤᠯᠢᠵᠢᠯ ᠤᠨ ᠠᠷᠭ᠎ᠠ ᠭᠡᠯᠪᠡᠷᠢ ᠪᠠᠷ ᠠᠵᠢᠯ ᠢᠶᠠᠨ ᠠᠬᠢᠭᠤᠯᠬᠤ ᠬᠢᠷᠢ ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠳᠦᠷ ᠭᠢᠭᠦ᠂ ᠴᠢᠨᠠᠷ ᠰᠠᠶᠢᠳᠠᠢ ᠭᠦᠭᠵᠢᠯᠳᠡ ᠶᠢ ᠠᠬᠢᠭᠤᠯᠬᠤ ᠳᠤ ᠪᠠᠳᠦ ᠴᠢᠩᠭ᠎ᠠ ᠬᠠᠤᠯᠢᠵᠢᠯ ᠤᠨ ᠪᠠᠳᠤᠯᠠᠭ᠎ᠠ ᠬᠠᠨᠭ᠍ᠭᠠᠬᠤ ᠭᠡᠷᠡᠭᠳᠡᠢ ᠭᠡᠪᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号