ᠳᠤᠮᠳᠠᠳᠤ ᠮᠣᠩᠭᠤᠯ ᠤᠨ ᠵᠠᠭᠤᠴᠢᠯᠠᠭᠤᠷ ᠤᠨ ᠬᠠᠮᠲᠤᠷᠠᠭᠰᠠᠨ ᠰᠤᠷᠪᠤᠯᠵᠢᠯᠠᠬᠤ ᠪᠦᠯᠬᠦᠮ ᠰᠢᠯᠢ ᠶᠢᠨ ᠭᠤᠣᠯ ᠠᠶᠢᠮᠠᠭ ᠲᠤ ᠢᠷᠡᠵᠦ ᠣᠲᠣ ᠦᠶ᠎ᠡ ᠶᠢᠨ ᠮᠠᠯ ᠠᠵᠤ ᠠᠬᠤᠢ ᠶᠢ ᠰᠤᠷᠪᠤᠯᠵᠢᠯᠠᠨ ᠤᠶᠢᠯᠠᠭᠠᠪᠠ
ᠨᠡᠶᠢᠲᠡᠯᠡᠭᠰᠡᠨ ᠴᠠᠭ᠄
2024/4/28
     4 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠳᠤᠮᠳᠠᠲᠦ ᠶᠢᠨ ᠪᠦᠬᠦ ᠤᠯᠤᠰ ᠤᠨ ᠰᠣᠨᠢᠨ ᠮᠡᠳᠡᠭᠡᠨ ᠤ ᠠᠵᠢᠯᠲᠠᠳ ᠤᠨ ᠨᠡᠶᠢᠭᠡᠮᠯᠢᠭ ᠪᠠ ᠮᠣᠩᠭᠤᠯ ᠤᠯᠤᠰ ᠤᠨ ᠰᠣᠷᠪᠣᠯᠵᠢᠯᠠᠭᠴᠢᠳ ᠤᠨ ᠨᠡᠶᠢᠭᠡᠮᠯᠢᠭ ᠠᠴᠠ ᠬᠠᠮᠲᠤᠷᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠳᠠᠭᠠᠭᠠᠴᠢᠯᠠᠨ ᠡᠷᠭᠢᠯᠡᠵᠦ᠂ ᠱᠠᠨᠰᠢ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠬᠠᠮᠵᠢᠯᠴᠠᠨ ᠡᠷᠭᠢᠯᠡᠭᠰᠡᠨ ︽ᠠᠵᠠ ᠲᠣᠬᠢᠶᠠᠯᠳᠤ ᠳᠤᠮᠳᠠᠳᠤ ᠤᠯᠤᠰ  · ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠱᠠᠨᠰᠢ ᠥᠪᠥᠷ ᠮᠣᠩᠭᠤᠯ ᠳᠠᠬᠢ ᠠᠶᠠᠯᠠᠯ︾ ᠳᠤᠮᠳᠠᠳᠤ ᠮᠣᠩᠭᠤᠯ ᠤᠨ ᠵᠠᠭᠤᠴᠢᠯᠠᠭᠤᠷ ᠤᠨ ᠬᠠᠮᠲᠤᠷᠠᠭᠰᠠᠨ ᠰᠣᠷᠪᠤᠯᠵᠢᠯᠠᠭ᠎ᠠ ᠶᠢᠨ ᠠᠵᠢᠯᠯᠠᠭ᠎ᠠ ᠪᠠᠷᠠᠭᠤᠨ ᠦᠵᠦᠮᠦᠴᠢᠨ ᠬᠤᠰᠢᠭᠤ ᠪᠠ ᠠᠪᠠᠭ᠎ᠠ ᠬᠤᠰᠢᠭᠤᠨ ᠳᠤ ᠶᠠᠪᠤᠭᠳᠠᠪᠠ᠃      ᠮᠣᠩᠭᠤᠯ ᠤᠯᠤᠰ ᠤᠨ ᠴᠢᠮᠡᠭᠡᠯᠡᠯ ᠤᠨ ᠬᠤᠷᠢᠶ᠎ᠠ᠂ ᠤᠯᠤᠰ ᠤᠨ ᠣᠯᠠᠨ ᠨᠡᠶᠢᠲᠡ ᠶᠢᠨ ᠷᠠᠳᠢᠣ᠋ ᠲᠧᠯᠸᠢᠰ ᠬᠤᠷᠢᠶ᠎ᠠ᠂ ︽ᠥᠨᠥᠳᠥᠷ ᠤᠨ ᠰᠣᠨᠢᠨ︾ ᠵᠡᠷᠭᠡ ᠮᠣᠩᠭᠤᠯ‌ᠤᠯᠤᠰ ᠤᠨ ᠵᠠᠭᠤᠴᠢᠯᠠᠭᠤᠷ ᠪᠣᠯᠣᠨ ︽ᠭᠤᠸᠠᠩᠮᠢᠩ ᠡᠳᠦᠷ ᠤᠨ ᠰᠣᠨᠢᠨ︾ ︽ᠯᠠᠪᠯᠠᠯᠲᠠ ᠶᠢᠨ ᠮᠡᠳᠡᠭᠡ︾ ︽ᠪᠥᠮᠪᠥᠷᠴᠡᠭ ᠴᠠᠭ ᠤᠨ ᠰᠣᠨᠢᠨ︾ ᠵᠡᠷᠭᠡ ᠳᠤᠮᠳᠠᠳᠤ ᠤᠯᠤᠰ ᠤᠨ ᠵᠠᠭᠤᠴᠢᠯᠠᠭᠤᠷ ᠤᠨ 40 ᠭᠠᠷᠤᠢ ᠰᠤᠷᠪᠤᠯᠵᠢᠯᠠᠭᠴᠢ ᠤᠷᠢᠳ ᠬᠤᠵᠢᠳ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤ ᠶᠢᠨ ᠱᠠᠤᠲᠦ ᠭᠠᠴᠠᠭ᠎ᠠ᠂ ᠪᠠᠯᠭᠠᠷᠭᠤᠣᠯ ᠪᠠᠯᠭᠠᠰᠤᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠡᠳ᠋ᠰᠢᠬᠦᠯᠦᠨ ᠪᠣᠯᠪᠠᠰᠤᠷᠠᠭᠤᠯᠬᠤ ᠬᠦᠷᠢᠶᠡᠯᠡᠩ᠂ ᠠᠪᠠᠭ᠎ᠠ ᠬᠤᠰᠢᠭᠤᠨ ᠤ ᠵᠤᠤ ᠹᠦ᠋ ᠠᠵᠤ ᠠᠬᠤᠢ ᠠᠷᠠᠯᠵᠢᠶᠠᠨ ᠤ ᠬᠢᠵᠠᠭᠠᠷᠲᠠᠢ ᠬᠠᠷᠢᠭᠤᠴᠠᠯᠭᠠᠲᠤ ᠺᠣᠮᠫᠠᠨᠢ᠂ ᠠᠪᠠᠭ᠎ᠠ ᠬᠤᠰᠢᠭᠤᠨ ᠤ ᠮᠠᠯ ᠤᠨ ᠡᠮᠴᠢ ᠮᠠᠯ ᠤᠨ ᠡᠮ ᠤᠨ ᠨᠡᠶᠢᠭᠡᠮᠴᠢᠯᠡᠭᠰᠡᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠲᠡᠵᠢᠭᠡᠯ ᠡᠪᠡᠰᠦᠨ ᠤ ᠠᠵᠤ ᠦᠢᠯᠡᠰ᠂ ᠴᠡᠭᠡ ᠶᠢᠨ ᠠᠵᠤ ᠦᠢᠯᠡᠰ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠤᠳᠤ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠲᠤᠬᠠᠢ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠤᠯᠢᠯᠴᠠᠵᠠᠢ᠃      ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠰᠠᠶᠢᠬᠠᠨᠨᠠᠭᠤᠷ ᠭᠠᠴᠠᠭ᠎ᠠ ᠶᠢᠨ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠳᠤ᠂ ᠵᠦᠭᠡᠭᠡᠪᠦᠷᠢᠯᠡᠨ ᠬᠦᠷᠭᠡᠬᠦ᠂ ᠬᠡᠮᠬᠡᠯᠬᠦ᠂ ᠡᠪᠡᠰᠦ ᠲᠡᠵᠢᠭᠡᠯ ᠢ ᠲᠦᠭᠡᠭᠡᠬᠦ ᠶᠢ ᠨᠢᠭᠡ ᠴᠣᠭᠴᠠᠵᠢᠭᠤᠯᠤᠭᠰᠠᠨ ᠣᠶᠤᠨᠴᠢᠯᠠᠭᠰᠠᠨ ᠲᠡᠵᠢᠭᠡᠨ ᠦᠷᠡᠵᠢᠭᠦᠯᠬᠦ ᠲᠥᠬᠦᠭᠡᠷᠦᠮᠵᠢ ᠨᠢ ᠰᠤᠷᠪᠤᠯᠵᠢᠯᠠᠭᠴᠢᠳ ᠤᠨ ᠪᠦᠯᠬᠦᠮ ᠤᠨ ᠠᠩᠬᠠᠷᠤᠯ ᠢ ᠲᠠᠲᠠᠵᠠᠢ᠂ ᠬᠤᠷᠰᠢᠶᠠᠵᠢᠯ ᠤᠨ ᠬᠠᠮᠲᠤ ᠶᠢᠨ ᠠᠵᠤ ᠠᠬᠤᠢ ᠶᠢᠨ ᠮᠠᠯᠴᠢᠨ ᠲᠦᠮᠡᠨ ᠤ ᠳᠠᠷᠤᠭᠠᠰᠤ ᠶᠢ ᠬᠥᠩᠭᠡᠷᠡᠭᠦᠯᠬᠦ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠵᠡᠷᠭᠡ ᠲᠠᠯ᠎ᠠ ᠪᠠᠷ ᠦᠵᠡᠭᠦᠯᠦᠭᠰᠡᠨ ᠳᠠᠶᠢᠴᠢᠯᠠᠬᠤ ᠦᠢᠯᠡᠳᠦᠯ ᠢ ᠣᠶᠢᠯᠠᠭᠠᠬᠰᠠᠨ ᠤ ᠳᠠᠷᠠᠭ᠎ᠠ ᠤᠯᠠᠨ ᠢᠶᠠᠷ ᠢᠶᠠᠨ ᠮᠠᠭᠲᠠᠨ ᠰᠠᠶᠢᠰᠢᠶᠠᠵᠠᠭᠠᠪᠠ᠃ ︽ᠰᠢᠯᠢ ᠶᠢᠨ ᠭᠤᠣᠯ ᠠᠶᠢᠮᠠᠭ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠬᠦ᠂ ᠤᠳᠤ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠲᠣᠪᠤᠶᠢᠮ᠎ᠠ ᠲᠤᠷᠰᠢᠯᠭ᠎ᠠ ᠲᠠᠢ ᠪᠠᠶᠢᠵᠦ ᠲᠣᠯᠢ ᠪᠣᠯᠭᠠᠭᠤᠰᠢᠲᠠᠢ ᠶᠤᠮ᠂ ᠪᠢ ᠬᠠᠮᠲᠤ ᠠᠵᠢᠯᠯᠠᠭᠰᠠᠳ ᠲᠠᠢ ᠪᠠᠨ ᠰᠢᠯᠢ ᠶᠢᠨ ᠭᠤᠣᠯ ᠠᠶᠢᠮᠠᠭ ᠲᠤ ᠦᠵᠡᠵᠦ ᠰᠣᠨᠣᠰᠤᠭᠰᠠᠨ ᠤᠳᠤ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠲᠡᠷᠢᠭᠦᠨ ᠤ ᠲᠤᠷᠰᠢᠯᠭ᠎ᠠ ᠶᠢ ᠤᠯᠤᠰ ᠲᠠᠭᠠᠨ ᠠᠪᠴᠥ ᠬᠦᠷᠬᠦ ᠪᠤᠯᠤᠨ᠎ᠠ᠂ ᠵᠠᠭᠤᠴᠢᠯᠠᠭᠤᠷ ᠤᠨ ᠬᠦᠴᠦᠨ ᠢᠶᠠᠷ ᠳᠠᠮᠵᠢᠭᠤᠯᠵᠤ᠂ ᠬᠤᠶᠠᠷ ᠤᠯᠤᠰ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠪᠠᠷ ᠬᠢ ᠰᠣᠯᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ︾ ᠭᠡᠵᠦ ᠮᠣᠩᠭᠤᠯ ᠤᠯᠤᠰ ᠤᠨ ᠰᠣᠷᠪᠣᠯᠵᠢᠯᠠᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠪᠦᠭᠡᠳ ᠨᠠᠷᠢᠨ ᠪᠢᠴᠢᠭ ᠤᠨ ᠳᠠᠷᠤᠭ᠎ᠠ ᠤᠤᠭᠠᠠᠪᠠᠶᠠᠷ ᠢᠯᠡᠳᠬᠡᠪᠡ᠃      ᠣᠶᠢᠯᠠᠭᠠᠭᠰᠠᠨ ᠢᠶᠠᠷ᠂ ︽ᠠᠵᠠ ᠲᠣᠬᠢᠶᠠᠯᠳᠤ ᠳᠤᠮᠳᠠᠳᠤ ᠤᠯᠤᠰ · ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠱᠠᠨᠰᠢ ᠥᠪᠥᠷ ᠮᠣᠩᠭᠤᠯ ᠳᠠᠬᠢ ᠠᠶᠠᠯᠠᠯ︾ ᠳᠤᠮᠳᠠᠳᠤ ᠮᠣᠩᠭᠤᠯ ᠤᠨ ᠵᠠᠭᠤᠴᠢᠯᠠᠭᠤᠷ ᠤᠨ ᠬᠠᠮᠲᠤᠷᠠᠭᠰᠠᠨ ᠰᠣᠷᠪᠤᠯᠵᠢᠯᠠᠭ᠎ᠠ ᠶᠢᠨ ᠠᠵᠢᠯᠯᠠᠭ᠎ᠠ 4 ᠰᠠᠷ᠎ᠠ ᠶᠢᠨ 21 ᠤ ᠡᠳᠦᠷ ᠬᠥᠬᠡᠬᠤᠲᠠ ᠳᠤ ᠡᠬᠢᠯᠡᠵᠦ᠂ ᠨᠡᠶᠢᠲᠡ 8 ᠡᠳᠦᠷ ᠶᠠᠪᠤᠬᠳᠠᠵᠠᠢ᠃ ᠡᠨᠡ ᠬᠦ ᠬᠤᠭᠤᠴᠠᠭᠠᠨ ᠳᠤ᠂ ᠰᠤᠷᠪᠤᠯᠵᠢᠯᠠᠭᠴᠢᠳ ᠤᠨ ᠪᠦᠯᠬᠦᠮ ᠤᠷᠢᠳ ᠬᠤᠵᠢᠳ ᠱᠠᠨᠰᠢ ᠮᠤᠵᠢ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠦᠷᠴᠦ᠂ ᠴᠢᠨᠠᠷ ᠰᠠᠶᠢᠲᠠᠢ ᠬᠥᠭᠵᠢᠯᠲᠡ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠤᠯᠠᠮᠵᠢᠯᠠᠯᠲᠤ ᠰᠣᠶᠣᠯ ᠤᠨ ᠬᠠᠮᠠᠭᠠᠯᠠᠯᠲᠠ ᠵᠠᠯᠭᠠᠮᠵᠢᠯᠠᠯ᠂ ᠤᠳᠤ ᠦᠶ᠎ᠡ ᠶᠢᠨ ᠮᠠᠯ ᠠᠵᠤ ᠠᠬᠤᠢ ᠶᠢᠨ ᠦᠢᠯᠡᠳᠪᠦᠷᠢᠯᠡᠯ᠂ ᠮᠠᠯᠵᠢᠬᠤ ᠣᠷᠣᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠭᠤᠣᠯ ᠰᠡᠳᠦᠪ ᠤᠨ ᠲᠣᠭᠤᠷᠢᠨ ᠳᠤ ᠰᠣᠷᠪᠤᠯᠵᠢᠯᠠᠭ᠎ᠠ ᠬᠢᠵᠡᠢ᠃                                                   ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号