ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠳᠣᠯᠣᠳᠤᠭᠠᠷ ᠤᠳᠠᠭ᠎ᠠ ᠶᠢᠨ ᠬᠤᠷᠠᠯ ᠵᠢᠴᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠠᠵᠢᠯ ᠤᠨ ᠲᠤᠰᠬᠠᠢ ᠠᠩᠭᠢ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/28
     4 ᠰᠠᠷ᠎ᠠ ᠶᠢᠨ 27 ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠳᠣᠯᠣᠳᠤᠭᠠᠷ ᠤᠳᠠᠭ᠎ᠠ ᠶᠢᠨ ᠬᠤᠷᠠᠯ ᠵᠢᠴᠢ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠠᠵᠢᠯ ᠤᠨ ᠲᠤᠰᠬᠠᠢ ᠠᠩᠭᠢ ᠶᠢᠨ ᠲᠣᠬᠢᠷᠠᠭᠤᠯᠤᠯᠳᠠ ᠶᠢᠨ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠥᠸᠧ ᠴᠢᠩ ᠬᠤᠷᠠᠯ ᠢ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠦᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠪᠣᠯᠭᠠᠵᠤ᠂ ᠰᠢᠯᠢ ᠶᠢᠨ ᠭᠤᠣᠯ ᠠᠶᠢᠮᠠᠭ ᠤᠨ ᠪᠣᠳᠠᠲᠠᠢ ᠠᠴᠠ ᠡᠭᠦᠰᠦᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠰᠢᠨ᠎ᠡ ᠬᠥᠳᠡᠯᠭᠡᠬᠦ ᠬᠦᠴᠦᠨ ᠪᠠ ᠠᠵᠤ ᠦᠢᠯᠡᠰ ᠤᠨ ᠲᠡᠰ ᠳᠡᠪᠰᠢᠬᠦ ᠰᠢᠨ᠎ᠡ ᠨᠡᠮᠡᠭᠳᠡᠯ ᠤᠨ ᠴᠡᠭ ᠢ ᠲᠦᠷᠭᠡᠨ ᠪᠤᠶᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤ ᠦᠶ᠎ᠡ ᠶᠢᠨ ᠠᠵᠤ ᠦᠢᠯᠡᠰ ᠤᠨ  ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾  ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠲᠦᠷᠦᠯ ᠵᠦᠢᠯ ᠤᠨ ᠨᠥᠭᠡᠴᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠦ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠠᠰᠢᠭ ᠲᠠᠢ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠬᠯᠠᠨ᠂ ᠰᠢᠯᠢ ᠶᠢᠨ ᠭᠤᠣᠯ ᠠᠶᠢᠮᠠᠭ ᠤᠨ ᠡᠬᠢ ᠪᠠᠶᠠᠯᠢᠭ ᠤᠨ ᠳᠠᠪᠠᠭᠤᠯᠢᠭ ᠪᠠ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠰᠠᠭᠤᠷᠢᠯᠠᠵᠦ᠂ ᠨᠢᠭᠡ ᠪᠦᠯᠦᠭ ᠲᠣᠮᠣ ᠲᠥᠷᠥᠯ ᠵᠦᠢᠯ᠂ ᠰᠢᠨ᠎ᠡ ᠲᠥᠷᠥᠯ ᠵᠦᠢᠯ ᠢ ᠢᠳᠡᠪᠬᠢᠲᠡᠢ ᠲᠥᠯᠥᠪᠯᠡᠨ ᠨᠥᠭᠡᠴᠡᠯᠡᠬᠦ ᠶᠢᠨ ᠬᠠᠮᠲᠤ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠮᠣ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠵᠤ᠂ ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠪᠠᠷᠢᠯᠭ᠎ᠠ ᠡᠬᠢᠯᠡᠭᠦᠯᠬᠦ᠂ ᠨᠢᠭᠡ ᠪᠦᠯᠦᠭ ᠢ ᠪᠦᠲᠦᠭᠡᠨ ᠪᠠᠶᠢᠭᠤᠯᠬᠤ᠂ ᠨᠢᠭᠡ ᠪᠦᠯᠦᠭ ᠢ ᠪᠠᠷᠢᠯᠭ᠎ᠠ ᠳᠠᠭᠤᠰᠬᠠᠬᠤ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠬᠤ ᠭᠡᠷᠡᠭᠳᠡᠢ ᠭᠡᠵᠦ ᠴᠢᠬᠤᠯᠠᠴᠢᠯᠠᠪᠠ᠃                                                   ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号