ᠵᠠᠩ ᠪᠠᠢ ᠴᠸᠡᠭ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠭᠦᠭᠵᠢᠯᠳᠡ ᠵᠢᠴᠢ ᠪᠤᠭᠤᠮᠳᠠ ᠶᠢᠨ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠬᠤ ᠠᠵᠦ ᠠᠬᠤᠶᠢᠯᠠᠯ ᠤᠨ ᠶᠠᠷᠢᠯᠴᠬᠠᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/29
     4 ᠰᠠᠷ᠎ᠠ ᠶᠢᠨ 28 ᠤ ᠡᠳᠦᠷ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠪᠠᠢ ᠴᠸᠡᠭ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠭᠦᠭᠵᠢᠯᠳᠡ ᠵᠢᠴᠢ ᠪᠤᠭᠤᠮᠳᠠ ᠶᠢᠨ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠬᠤ ᠠᠵᠦ ᠠᠬᠤᠶᠢᠯᠠᠯ ᠤᠨ ᠶᠠᠷᠢᠯᠴᠬᠠᠤ ᠬᠤᠷᠠᠯ ᠢ ᠡᠷᠭᠢᠯᠡᠨ ᠬᠤᠷᠠᠯᠳᠤᠭᠤᠯᠵᠦ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯᠳᠠᠳ ᠤᠨ ᠰᠠᠨᠠᠯ ᠰᠠᠨᠠᠭᠤᠯᠭ᠎ᠠ ᠶᠢ ᠰᠤᠨᠤᠰᠤᠭᠰᠠᠨ ᠪᠦᠭᠡᠳ ᠬᠠᠮᠢᠶ᠎ᠠ ᠪᠦᠭᠦᠢ ᠠᠵᠢᠯ ᠢ ᠪᠠᠶᠢᠷᠢᠯᠠᠭᠤᠯᠪᠠ᠃      ᠬᠤᠷᠡᠯ ᠲᠡᠭᠡᠷ᠎ᠠ᠂ ᠪᠦᠭᠦ ᠠᠶᠢᠮᠠᠭ ᠤᠨ ᠠᠷᠠᠳ ᠠᠴᠠ ᠡᠵᠡᠩᠨᠡᠭᠰᠡᠨ ᠠᠵᠦ ᠠᠬᠤᠢ ᠪᠤᠯᠤᠨ ᠪᠤᠭᠤᠮᠳᠠ ᠶᠢᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠶᠢᠨ ᠭᠦᠭᠵᠢᠯᠳᠡ ᠶᠢᠨ ᠪᠠᠶᠢᠳᠠᠯ ᠢ ᠮᠡᠳᠡᠭᠳᠡᠪᠡ᠃ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ 9 ᠲᠦᠯᠦᠭᠡᠯᠡᠭᠴᠢ ᠦᠭᠡ ᠭᠡᠯᠡᠵᠦ᠂ ᠵᠠᠩ ᠪᠠᠢ ᠴᠸᠡᠭ ᠪᠤᠳᠠᠳᠠᠢ ᠨᠠᠷᠢᠨ ᠵᠦᠢᠯᠡᠰ ᠢ ᠠᠰᠠᠭᠤᠨ ᠯᠠᠪᠯᠠᠵᠦ᠂ ᠠᠵᠦ ᠠᠬᠤᠶᠢᠯᠠᠯ ᠤᠨ ᠡᠵᠡᠩᠨᠡᠯᠳᠡ ᠭᠦᠭᠵᠢᠯᠳᠡ ᠶᠢᠨ ᠪᠠᠶᠢᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠤᠯᠢᠯᠴᠠᠪᠠ᠃ ᠲᠡᠷᠡ ᠭᠡᠯᠡᠬᠦ ᠳᠡᠭᠡᠨ᠂ ᠠᠷᠠᠳ ᠠᠴᠠ ᠡᠵᠡᠩᠨᠡᠭᠰᠡᠨ ᠠᠵᠦ ᠠᠬᠤᠢ ᠪᠤᠯ ᠪᠦᠭᠦ ᠠᠶᠢᠮᠠᠭ ᠤᠨ ᠠᠵᠦ ᠠᠬᠤᠢ ᠨᠡᠶᠢᠭᠡᠮ ᠤᠨ ᠭᠦᠭᠵᠢᠯᠳᠡ ᠶᠢᠨ ᠭᠦᠴᠦᠷᠭᠡᠭ ᠶᠡᠭᠡ ᠲᠤᠯᠭᠠᠭᠤᠷᠢ ᠭᠦᠴᠦᠨ ᠮᠦᠨ᠂ ᠡᠯ᠎ᠠ ᠭᠠᠵᠠᠷ ᠡᠯ᠎ᠠ ᠬᠤᠯᠪᠤᠬᠳᠠᠯ ᠪᠦᠭᠦᠢ ᠰᠠᠯᠠᠭ᠎ᠠ ᠮᠦᠴᠢᠷ ᠶᠡᠷᠦᠩᠭᠡᠢ ᠱᠦᠵᠢ ᠰᠢ ᠶᠢᠨ ᠫᠢᠡᠭ ᠤᠨ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠭᠦᠭᠵᠢᠯᠳᠡ ᠶᠢᠨ ᠲᠤᠬᠠᠢ ᠴᠢᠬᠤᠯᠠ ᠦᠭᠦᠯᠡᠯᠳᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠠᠮ ᠤᠨ ᠲᠦᠪ ᠬᠤᠷᠢᠶᠠᠨ ᠤ ᠰᠶᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠰᠠᠶᠢᠳᠦᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠦᠢᠯᠡᠴᠢᠯᠡᠭᠡᠨ ᠤ ᠠᠵᠢᠯ ᠤᠨ ᠲᠤᠬᠳᠠᠴᠠ ᠶᠢ ᠰᠠᠶᠢᠳᠦᠷ ᠲᠡᠭᠦᠯᠳᠡᠷᠵᠢᠭᠦᠯᠦᠨ᠂ ᠠᠵᠦ ᠠᠬᠤᠶᠢᠯᠠᠯ ᠳᠤ ᠬᠠᠷᠠᠭᠠᠯᠵᠠᠯ ᠬᠦᠷᠳᠡᠭᠡᠬᠦ ᠠᠰᠢᠭ ᠭᠦᠷᠳᠡᠭᠡᠭᠦ ᠲᠦᠷᠦ ᠶᠢᠨ ᠪᠤᠳᠤᠯᠭ᠎ᠠ ᠶᠢ ᠰᠠᠶᠢᠳᠦᠷ ᠨᠠᠶᠢᠳᠠᠪᠤᠷᠢᠵᠢᠭᠤᠯᠵᠦ᠂ ᠠᠷᠠᠯᠵᠢᠶᠠᠴᠢᠨ ᠢ ᠭᠦᠨᠳᠦᠳᠭᠡᠵᠦ ᠠᠵᠦ ᠠᠬᠤᠶᠢᠯᠠᠯ ᠢ ᠴᠢᠬᠤᠯᠠᠴᠢᠯᠠᠬᠤ ᠠᠭᠤᠷ ᠠᠮᠢᠰᠬᠤᠯ ᠢ ᠪᠤᠢ ᠪᠤᠯᠭᠠᠨ᠂ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠭᠦᠭᠵᠢᠯᠳᠡ ᠳᠤ ᠪᠠᠳᠦ ᠴᠢᠩᠭ᠎ᠠ ᠪᠠᠳᠤᠯᠠᠭ᠎ᠠ ᠬᠠᠨᠭ᠍ᠭᠠᠬᠤ ᠭᠡᠷᠡᠭᠳᠡᠢ᠃ ᠠᠵᠦ ᠠᠬᠤᠶᠢᠯᠠᠯ ᠤᠨ ᠲᠤᠰᠬᠠᠬᠰᠠᠨ ᠭᠦᠴᠢᠷᠳᠡᠯ ᠪᠤᠯᠤᠨ ᠠᠰᠠᠭᠤᠳᠠᠯ ᠢ ᠪᠦᠳᠦᠮᠵᠢᠳᠠᠢ ᠰᠶᠢᠳᠪᠦᠷᠢᠯᠡᠵᠦ᠂ ᠠᠷᠭ᠎ᠠ ᠪᠦᠭᠦᠨ ᠢ ᠰᠦᠪᠡᠭᠴᠢᠯᠡᠨ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠢ ᠭᠦᠭᠵᠢᠭᠦᠯᠦᠨ ᠪᠤᠵᠠᠭᠠᠶᠢᠷᠠᠭᠤᠯᠬᠤ ᠭᠡᠷᠡᠭᠳᠡᠢ᠃ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠡᠵᠡᠩᠨᠡᠭᠴᠢᠳ ᠠᠵᠦ ᠠᠬᠤᠶᠢᠯᠠᠯᠳᠠᠨ ᠤ ᠵᠤᠷᠢᠭ ᠰᠠᠨᠠᠭ᠎ᠠ ᠪᠠᠨ ᠶᠡᠭᠡᠪᠡᠷ ᠪᠠᠳᠠᠷᠠᠭᠤᠯᠵᠦ᠂ ᠰᠤᠷᠤᠯᠴᠠᠬᠤ ᠴᠢᠳᠠᠪᠤᠷᠢ ᠪᠠᠨ ᠦᠷᠭᠦᠯᠵᠢᠯᠡᠨ ᠲᠡᠭᠡᠭᠰᠢᠯᠡᠭᠦᠯᠵᠦ᠂ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠭᠦ ᠶᠢ ᠴᠢᠩᠭᠠᠳᠬᠠᠨ᠂ ᠵᠤᠷᠢᠬᠳᠠᠢ ᠪᠠᠷ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠨ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠨᠠᠮ ᠤᠨ ᠪᠠᠶᠢᠭᠤᠯᠤᠯᠳᠠ ᠶᠢ ᠴᠢᠬᠤᠯᠠᠴᠢᠯᠠᠵᠦ᠂ ᠠᠵᠦ ᠠᠬᠤᠶᠢᠯᠠᠯ ᠢᠶᠠᠨ ᠭᠦᠴᠦᠷᠭᠡᠭᠵᠢᠭᠦᠯᠦᠨ ᠪᠤᠵᠠᠭᠠᠶᠢᠷᠠᠭᠤᠯᠬᠤ ᠶᠢ ᠭᠦᠰᠡᠵᠦ ᠪᠠᠶᠢᠨ᠎ᠠ ᠭᠡᠵᠡᠢ᠃      ᠵᠠᠩ ᠪᠠᠢ ᠴᠸᠡᠭ ᠪᠠᠰᠠ ᠪᠤᠭᠤᠮᠳᠠ ᠶᠢᠨ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠬᠤ ᠠᠵᠦ ᠠᠬᠤᠶᠢᠯᠠᠯ ᠤᠨ ᠭᠦᠭᠵᠢᠯᠳᠡ ᠶᠢᠨ ᠲᠤᠬᠠᠢ ᠬᠠᠮᠢᠶ᠎ᠠ ᠪᠦᠭᠦᠢ ᠱᠠᠭᠠᠷᠳᠠᠯᠭ᠎ᠠ ᠲᠤᠷᠠᠳᠪᠠ᠃ ᠲᠡᠷᠡ ᠭᠡᠯᠡᠬᠦ ᠳᠡᠭᠡᠨ᠂ ᠲᠤᠮᠳᠠᠳᠦ ᠮᠤᠩᠭᠤᠯ ᠤᠨ ᠡᠷᠢᠶᠡᠨ ᠬᠤᠳᠡ — ᠵᠠᠮ ᠤᠨ ᠡᠭᠦᠳᠡ ᠶᠢᠨ ᠠᠵᠦ ᠠᠬᠤᠢ ᠶᠢᠨ ᠬᠠᠮᠳᠤᠷᠠᠯᠴᠠᠭᠠᠨ ᠤ ᠣᠷᠣᠨ ᠵᠥᠪᠰᠢᠶᠡᠷᠡᠭᠳᠡᠭᠰᠡᠨ ᠨᠢ ᠮᠠᠨ ᠤ ᠠᠶᠢᠮᠠᠭ ᠤᠨ ᠪᠣᠭᠤᠮᠲᠠ ᠶᠢᠨ ᠬᠥᠭᠵᠢᠯᠲᠡ ᠳᠤ ᠬᠤᠪᠣᠷ ᠨᠠᠨᠳᠢᠨ ᠠᠵᠠ ᠲᠣᠬᠢᠶᠠᠯ ᠤᠯᠭᠤᠵᠠᠢ᠂ ᠬᠤᠯᠪᠣᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠨ ᠬᠦ ᠰᠢᠯᠢᠳᠡᠭᠵᠢᠭᠦᠯᠦᠨ᠂ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ︽ᠨᠡᠪᠲᠡᠷᠡᠬᠦ ᠵᠠᠮ ᠤᠨ ᠠᠵᠤ ᠠᠬᠤᠢ︾ ᠶᠢ ︽ᠨᠤᠳᠤᠭᠰᠢᠭᠤᠯᠬᠤ ᠠᠵᠤ ᠠᠬᠤᠢ︾ ᠳᠠᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠬᠥᠪᠴᠢᠯᠡᠨ᠂ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠳᠤ ᠵᠣᠬᠢᠴᠠᠵᠤ᠂ ᠳᠣᠲᠣᠭᠠᠳᠤ ᠳᠠᠭᠠᠨ ᠣᠷᠣᠭᠤᠯᠵᠤ ᠭᠠᠳᠠᠭᠠᠳᠤ ᠲᠠᠢ ᠬᠤᠯᠪᠣᠭᠠᠯᠠᠬᠤ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠦᠨ᠂ ᠭᠠᠳᠠᠭᠰᠢ ᠨᠡᠭᠡᠭᠡᠯᠲᠡ ᠭᠢᠭᠦ ᠶᠢ ᠪᠦᠬᠦ ᠲᠠᠯ᠎ᠠ ᠪᠠᠷ ᠥᠷᠭᠡᠳᠬᠡᠬᠦ ᠳᠤᠮᠳᠠ ᠨᠡᠩ ᠲᠦᠷᠭᠡᠨ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠵᠠᠩ ᠢ᠂ ᠵᠠᠩ ᠰᠢᠶᠣᠣ ᠵᠢᠶᠦ᠋ᠨ᠂ ᠵᠢᠶᠠ ᠸᠧᠨ ᠽᠥᠩ ᠶᠠᠷᠢᠯᠴᠠᠬᠤ ᠬᠤᠷᠠᠯ ᠳᠤ ᠣᠷᠣᠯᠴᠠᠪᠠ᠃                                                      ᠣᠷᠴᠢᠭᠤᠯᠣᠭᠴᠢ᠄ ᠣᠶᠣᠩᠬᠤᠸᠠᠷ      
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号