ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠵᠢᠴᠢ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/29
     4 ᠰᠠᠷ᠎ᠠ ᠶᠢᠨ 27 ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠦᠷᠨᠢᠬᠦᠯᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠥᠸᠧ ᠴᠢᠩ ᠬᠤᠷᠠᠯ ᠢ ᠡᠷᠭᠢᠯᠡᠵᠠᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ᠂ ᠲᠤᠭ᠎ᠠ ᠪᠦᠷᠢᠳᠬᠡᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠵᠢᠴᠢ ᠪᠦᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠬᠢᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠢ ᠭᠦᠨᠵᠡᠭᠡᠢ ᠰᠤᠷᠤᠯᠴᠠᠠ ᠨᠠᠷᠢᠨ ᠤᠬᠠᠪᠤᠷᠢᠯᠠᠨ ᠪᠠᠲᠤ ᠬᠡᠷᠡᠭᠵᠢᠭᠦᠯᠵᠦ᠂ ᠰᠠᠬᠢᠯᠭ᠎ᠠ ᠪᠠᠲᠤ ᠶᠣᠰᠣ ᠳᠦᠷᠢᠮ ᠤᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾  ᠶᠢ ᠡᠷᠡᠰ ᠪᠡᠶᠡᠯᠡᠭᠦᠯᠬᠦ ᠬᠡᠷᠡᠭᠲᠡᠢ᠃ ᠵᠥᠪ ᠠᠵᠢᠯ ᠤᠨ ᠠᠮᠵᠢᠯᠲᠠ ᠶᠢᠨ ᠦᠵᠡᠯᠲᠡ ᠬᠥᠭᠵᠢᠯᠲᠡ ᠶᠢᠨ ᠦᠵᠡᠯᠲᠡ ᠶᠢ ᠪᠠᠲᠤ ᠪᠤᠢ ᠪᠣᠯᠭᠠᠵᠤ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠶᠢ ᠡᠷᠡᠰ ᠰᠡᠷᠭᠡᠶᠢᠯᠡᠨ ᠵᠠᠯᠬᠠᠭᠠᠨ ᠰᠶᠢᠳᠭᠡᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠰᠢᠨᠵᠢᠯᠡᠬᠦ ᠤᠬᠠᠭᠠᠨᠴᠢ ᠦᠨᠡᠨ ᠪᠣᠳᠠᠲᠠᠢ ᠵᠥᠪ ᠣᠨᠣᠪᠴᠢᠲᠠᠢ ᠪᠠᠶᠢᠬᠤ ᠶᠢ ᠪᠠᠲᠤᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠶᠢᠳᠠᠪᠤᠷᠢᠲᠠᠢ ᠦᠨᠳᠦᠰᠦ ᠪᠠᠷᠢᠮᠲᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠲᠣᠰ ᠡᠳᠦᠷ᠂ ᠠᠶᠢᠮᠠᠭ ᠤᠨ ᠵᠠᠬᠢᠷᠭ᠎ᠠ 2024 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ᠂ ᠠᠷᠠᠯᠵᠢᠶᠠᠴᠢᠨ ᠤᠷᠢᠵᠤ ᠪᠡᠯᠡ ᠲᠠᠲᠠᠬᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠵᠡᠷᠭᠡ ᠵᠦᠢᠯᠡᠰ ᠢ ᠰᠤᠳᠤᠯᠵᠠᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号