ᠰᠢᠯᠢ ᠶᠢᠨ ᠭᠤᠣᠯ ᠠᠶᠢᠮᠠᠭ ᠤᠨ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠵᠢᠴᠢ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠡᠷᠢᠶᠡᠨ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/4/3
     4 ᠰᠠᠷ᠎ᠠ ᠶᠢᠨ 2᠎ ᠤᠨ ᠡᠳᠦᠷ᠂ ᠰᠢᠯᠢ ᠶᠢᠨ ᠭᠤᠣᠯ ᠠᠶᠢᠮᠠᠭ ᠤᠨ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠵᠢᠴᠢ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠡᠷᠢᠶᠡᠨ ᠬᠤᠳᠠ ᠳᠤ ᠬᠤᠷᠠᠯᠳᠤᠵᠤ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠵᠡᠷᠭᠡ ᠠᠵᠢᠯ ᠢ ᠪᠠᠶᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠵᠢᠶᠠ  ᠸᠧᠨ ᠽᠥᠩ 2023 ᠣᠨ ᠤ ᠪᠥᠬᠦ ᠠᠶᠢᠮᠠᠭ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠶᠡᠷᠦᠩᠬᠡᠢ ᠪᠠᠶᠢᠳᠠᠯ ᠢ ᠮᠡᠳᠡᠭᠳᠡᠭᠰᠡᠨ ᠪᠥᠭᠡᠳ ᠲᠠᠷᠠᠭ᠎ᠠ ᠠᠯᠬᠤᠮ ᠤᠨ ᠠᠵᠢᠯ ᠤᠨ ᠳᠤᠬᠠᠢ ᠰᠠᠨᠠᠭᠤᠯᠭ᠎ᠠ ᠳᠤᠷᠠᠳᠪᠡ᠃ ᠸᠠᠩ ᠰᠠᠨ ᠱᠢ ᠥᠪᠥᠷ ᠮᠣᠩᠭᠤᠯ ᠤᠨ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠬᠤ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠵᠡᠢ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ ︵ᠪᠣᠭᠤᠮᠲᠠ ᠶᠢᠨ ᠠᠯᠪᠠᠨ ᠭᠡᠷ︶᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠬᠥᠬᠡᠬᠤᠲᠠ ᠪᠣᠭᠤᠮᠲᠠ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠶᠡᠷᠦᠩᠬᠡᠢ ᠥᠷᠲᠡᠭᠡ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠦᠭᠡ ᠬᠡᠯᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠪᠦᠳᠦᠭᠡᠨ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ︾  ᠎ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠢᠳᠡᠪᠬᠢᠳᠠᠢ ᠪᠠᠷ ᠠᠰᠠᠭᠤᠳᠠᠯ ᠢ ᠰᠶᠢᠳᠪᠦᠷᠢᠯᠡᠬᠦ ᠠᠵᠢᠯ ᠤᠨ ᠤᠪᠤᠷ ᠪᠤᠯᠤᠨ ᠠᠷᠭ᠎ᠠ ᠭᠡᠮᠵᠢᠶ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠨ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠵᠦᠢᠯ ᠤᠨ ᠠᠵᠢᠯ  ᠢ  ᠯᠠᠪᠳᠠᠭᠤᠨ  ᠪᠠᠲᠤᠲᠠᠢ  ᠰᠠᠶᠢᠲᠤᠷ  ᠬᠢᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠳᠦᠭᠡᠨ ᠪᠠᠶᠢᠭᠤᠯᠬᠤ ᠳᠤ ᠰᠢᠯᠢ ᠶᠢᠨ ᠭᠤᠣᠯ ᠠᠶᠢᠮᠠᠭ ᠤᠨ ᠬᠦᠴᠦᠨ ᠴᠢᠳᠠᠯ ᠢᠶᠠᠨ ᠡᠷᠭᠦᠭᠦ ᠭᠡᠷᠡᠭᠳᠡᠢ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠦᠨ᠂ ᠪᠣᠭᠤᠮᠲᠠ ᠶᠢᠨ ᠬᠥᠭᠵᠢᠯᠲᠡ ᠶᠢᠨ ᠲᠥᠯᠦᠪᠵᠢᠭᠦᠯᠭᠡ᠂ ᠳᠡᠭᠡᠳᠦ ᠱᠠᠲᠤᠨ ᠤ ᠳᠡᠮᠵᠢᠯᠭᠡ ᠶᠢ ᠡᠷᠡᠮᠡᠯᠵᠡᠭᠦ᠂ ᠠᠷᠠᠯᠵᠢᠶᠠᠴᠢᠨ ᠤᠷᠢᠵᠤ ᠪᠡᠯᠡ ᠲᠠᠳᠠᠬᠤ ᠵᠡᠷᠭᠡ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠮᠣᠩᠭᠤᠯ ᠤᠯᠤᠰ ᠯᠤᠭ᠎ᠠ ᠶᠢᠨ ᠬᠠᠮᠵᠢᠯᠴᠠᠭ᠎ᠠ ᠰᠣᠯᠢᠯᠴᠠᠭ᠎ᠠ ᠶᠢ ᠴᠢᠩᠭᠠᠳᠬᠠᠬᠤ ᠶᠢ ᠴᠢᠬᠤᠯᠠᠴᠢᠯᠠᠨ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠵᠤ᠂ ᠵᠢᠯ ᠤᠨ ᠳᠣᠲᠣᠷ᠎ᠠ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ︽ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠨᠢ ᠮᠥᠨ ᠴᠦ ᠨᠡᠭᠡᠭᠡᠯᠲᠡ ᠬᠢᠬᠦ ᠶᠠᠪᠤᠳᠠᠯ ᠮᠥᠨ︾ ᠭᠡᠭᠦ ᠤᠶᠢᠯᠠᠭᠠᠬᠳᠠᠬᠤᠨ ᠢ ᠤᠯᠠᠮ ᠨᠢᠭᠡ ᠠᠯᠬᠤᠮ ᠪᠣᠶ ᠪᠣᠯᠭᠠᠵᠤ᠂ ᠪᠣᠭᠤᠮᠲᠠ ᠳᠣᠲᠣᠷ᠎ᠠ ᠭᠠᠵᠠᠷ ᠤᠨ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠬᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠳᠡᠭᠡᠷ᠎ᠡ ᠦᠷᠭᠦᠯᠵᠢᠯᠡᠨ ᠬᠦᠴᠦᠯᠡᠵᠦ᠂ ︽ᠪᠣᠭᠤᠮᠲᠠ + ᠳᠣᠲᠣᠷ᠎ᠠ ᠭᠠᠵᠠᠷ + ᠭᠠᠷᠠᠮ︾ ᠎ ᠤᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠵᠦ᠂ ᠨᠠᠩ ᠣᠯᠠᠨ ᠪᠣᠳᠠᠲᠤ ᠦᠷ᠎ᠡ ᠪᠦᠲᠦᠮᠵᠢ ᠣᠯᠬᠤ ᠪᠠᠷ ᠭᠦᠴᠦᠯᠡᠭᠦ ᠬᠡᠷᠡᠭᠲᠡᠢ ᠭᠡᠪᠡ᠃      ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠪᠠᠰᠠ ᠡᠷᠢᠶᠡᠨ ᠬᠤᠲᠠ ᠶᠢᠨ ᠲᠡᠮᠦᠷ ᠵᠠᠮ ᠤᠨ ᠲᠡᠷᠭᠡᠨ ᠥᠷᠲᠡᠭᠡ ᠲᠠᠯᠠᠪᠤᠷ᠂ ᠵᠠᠰᠠᠮᠠᠯ ᠵᠠᠮ ᠤᠨ ᠠᠶᠠᠨᠴᠢᠳ ᠤᠨ ᠪᠠᠶᠢᠴᠠᠭᠠᠯᠲᠠ ᠶᠢᠨ ᠪᠣᠭᠤᠮᠲᠠ᠂ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃                                                  ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号