ᠠᠶᠢᠮᠠᠭ ᠤᠨ ᠤᠳᠤᠷᠢᠳᠬᠤ ᠨᠥᠬᠦᠳ ᠰᠢᠯᠢ ᠶᠢᠨ ᠬᠤᠲᠠ ᠣᠷᠣᠨ ᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/4/30
     ᠡᠬᠡ ᠭᠠᠵᠠᠷ ᠲᠤ ᠬᠠᠪᠤᠷ ᠤᠨ ᠦᠡᠭᠭᠡ ᠪᠠᠷ ᠪᠢᠯᠬᠠᠵᠤ᠂ ᠶᠠᠭ ᠮᠣᠳᠣ ᠲᠡᠷᠢᠬᠤ ᠰᠠᠶᠢᠬᠠᠨ ᠴᠠᠭ ᠪᠤᠯᠤᠨ᠎ᠠ᠃ 4 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠳ᠋ᠧ ᠶᠦᠩ ᠵᠡᠷᠭᠡ ᠠᠶᠢᠮᠠᠭ ᠤᠨ ᠳᠥᠷᠪᠡᠨ ᠶᠡᠭᠡ ᠪᠠᠭ ᠤᠨ ᠤᠳᠤᠷᠢᠳᠬᠤ ᠨᠥᠬᠦᠳ ᠰᠢᠯᠢ ᠶᠢᠨ ᠬᠤᠲᠠ ᠶᠢᠨ ᠡᠮᠦᠨ᠎ᠠ ᠠᠭᠤᠯᠠ ᠶᠢᠨ ᠨᠤᠭᠤ ᠭᠠᠵᠠᠷ ᠤᠨ ᠴᠡᠴᠡᠷᠯᠢᠭ ᠤᠨ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ ᠬᠦᠷᠴᠦ᠂ ᠺᠠᠳ᠋ᠷ ᠣᠯᠠᠨ ᠲᠦᠮᠡᠨ ᠲᠠᠢ ᠬᠠᠮᠲᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃      ᠠᠭᠠᠷ ᠲᠡᠭᠷᠢ ᠴᠡᠯᠮᠡᠭᠰᠢᠨ ᠠᠭᠤᠷ ᠠᠮᠢᠰᠬᠤᠯ ᠳᠠᠭᠠᠯᠠᠮᠵᠢᠳᠠᠢ᠂ ᠮᠣᠳᠣ ᠲᠠᠷᠢᠬᠤ ᠲᠤᠬᠠᠢ ᠶᠢᠨ ᠲᠠᠯᠠᠪᠠᠢ ᠳᠤ ᠬᠥᠳᠡᠯᠮᠦᠷᠢ ᠶᠢᠨ ᠪᠠᠶᠠᠷ ᠪᠠᠶᠠᠰᠤᠯ ᠪᠢᠯᠬᠠᠮ᠎ᠠ ᠪᠠᠶᠢᠯ᠎ᠠ᠃ ᠵᠠᠩ ᠪᠠᠢ ᠴᠧᠩ ᠨᠠᠷ ᠺᠠᠳ᠋ᠷ ᠤᠯᠠᠨ ᠲᠦᠮᠡᠨ ᠲᠠᠢ ᠬᠠᠮᠲᠤ ᠪᠠᠷ ᠬᠦᠷᠵᠡ ᠪᠠᠷᠢᠨ ᠨᠦᠭᠡ ᠮᠠᠯᠲᠠᠵᠦ᠂ ᠰᠢᠷᠤᠢ ᠨᠡᠮᠡᠵᠦ ᠤᠰᠤ ᠵᠦᠭᠡᠭᠡᠨ᠂ ᠴᠢᠬᠢ ᠮᠤᠳᠤᠳ ᠢ ᠨᠢᠭᠡᠳ ᠨᠢᠭᠡ ᠪᠠᠷ ᠰᠠᠭᠤᠯᠭᠠᠨ ᠳᠠᠷᠢᠨ᠎ᠠ᠃ ᠵᠠᠩ ᠪᠠᠢ ᠴᠧᠩ ᠨᠢᠭᠡ ᠲᠠᠯ᠎ᠠ ᠪᠠᠷ ᠮᠣᠳᠣ ᠲᠠᠷᠢᠵᠦ᠂ ᠨᠦᠭᠦᠭᠡ ᠲᠠᠯ᠎ᠠ ᠪᠠᠷ ᠠᠵᠢᠯᠯᠠᠭ᠎ᠠ ᠳᠤ ᠣᠷᠣᠯᠴᠠᠭᠰᠠᠨ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠮᠣᠳᠣᠨ ᠤ ᠲᠦᠷᠦᠯ ᠤᠨ ᠤᠠᠴᠠᠯᠢᠭ᠂ ᠤᠷᠭᠤᠯᠲᠠ ᠶᠢᠨ ᠬᠤᠭᠤᠴᠠᠭ᠎ᠠ᠂ ᠡᠳᠦᠷ ᠲᠤᠳᠤᠮ ᠤᠨ ᠠᠷᠠᠴᠢᠯᠠᠯᠲᠠ ᠵᠡᠷᠭᠡ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃ ᠲᠡᠷᠡ ᠬᠡᠯᠡᠬᠦ ᠳᠡᠭᠡᠨ᠂ ᠮᠣᠳᠣ ᠳᠠᠷᠢᠵᠤ ᠣᠶᠢᠵᠢᠭᠤᠯᠬᠤ ᠪᠣᠯ ᠣᠲᠣ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ ᠬᠦᠷᠲᠡᠭᠡᠬᠦ ᠦᠢᠯᠡᠰ ᠮᠥᠨ᠂ ᠡᠷᠬᠡᠪᠰᠢ ᠤᠷᠲᠦ ᠬᠤᠭᠤᠴᠠᠭ᠎ᠠ ᠪᠠᠷᠢᠮᠲᠠᠯᠠᠵᠦ᠂ ᠴᠢᠳᠠᠮᠠᠭᠠᠢ ᠪᠠᠷ ᠠᠵᠢᠯᠯᠠᠨ ᠴᠢᠳᠠᠮᠠᠭᠠᠢ ᠪᠠᠷ ᠪᠦᠲᠦᠭᠡᠬᠦ ᠬᠡᠷᠡᠭᠲᠡᠢ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠨ᠂ ᠲᠣᠬᠢᠷᠠᠮᠵᠢᠲᠠᠢ ᠣᠶ ᠮᠣᠳᠣᠨ ᠤ ᠦᠷ᠎ᠠ ᠶᠢ ᠰᠣᠩᠭᠤᠵᠤ᠂ ᠣᠯᠠᠨ ᠠᠷᠭ᠎ᠠ ᠶᠢ  ᠬᠡᠷᠡᠭᠯᠡᠨ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠮᠣᠳᠣ ᠳᠠᠷᠢᠵᠤ ᠤᠷᠭᠤᠭᠤᠯᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠮᠣᠳᠣ ᠳᠠᠷᠢᠵᠤ ᠣᠶᠢᠵᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ ᠮᠣᠳᠣ ᠲᠠᠷᠢᠵᠤ ᠣᠶᠢᠵᠢᠭᠤᠯᠬᠤ ᠪᠠ ᠠᠮᠢ ᠠᠬᠤᠢ ᠣᠷᠴᠢᠨ ᠲᠤᠭᠤᠷᠢᠨ ᠢ ᠬᠠᠮᠠᠭᠠᠯᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠠᠳᠬᠤᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠭᠡᠵᠠᠢ᠃      ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠵᠠᠬᠢᠷᠭ᠎ᠠ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠣᠨ ᠰᠢᠯᠢ ᠶᠢᠨ ᠬᠤᠲᠠ ᠶᠢᠨ ᠺᠠᠳ᠋ᠷ᠂ ᠰᠠᠶᠢᠨ ᠳᠤᠷᠠᠴᠦᠦᠯ ᠠᠵᠢᠯᠯᠠᠭ᠎ᠠ ᠳᠤ ᠣᠷᠣᠯᠴᠠᠪᠠ᠃      ᠣᠶᠢᠯᠠᠭᠠᠭᠰᠠᠨ ᠢᠶᠠᠷ᠂ ᠰᠢᠯᠢ ᠶᠢᠨ ᠬᠤᠲᠠ‌‍ᠲ᠋ᠡᠭᠡᠷ᠎ᠡ ᠵᠠᠭᠤᠨ ᠤ ᠨᠠᠶᠠᠭᠠᠳ ᠣᠨ ᠳᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠡᠮᠦᠨ᠎ᠡ ᠲᠡᠭᠦᠷᠭᠡ᠂ ᠡᠮᠦᠨ᠎ᠡ ᠠᠭᠤᠯᠠ᠂ ᠵᠡᠬᠦᠨ ᠠᠭᠤᠯᠠ᠂ ᠵᠠᠯᠠᠭᠤᠴᠤᠳ ᠤᠨ ᠣᠶ ᠵᠡᠷᠭᠡ 4 ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢ ᠪᠠᠶᠢᠭᠤᠯᠵᠤ ᠨᠡᠶᠢᠲᠡ 720 ᠮᠦ ᠮᠣᠳᠣ ᠳᠠᠷᠢᠵᠤ᠂ 5.76 ᠲᠦᠮᠡᠨ ᠰᠠᠭᠤᠷᠢ ᠮᠣᠳᠣ ᠵᠠᠶᠢᠯᠠᠵᠠᠢ᠃ ᠣᠶᠢᠷ᠎ᠠ ᠶᠢᠨ ᠭᠤᠷᠪᠠᠨ ᠵᠢᠯ ᠳᠤ᠂ ᠺᠠᠳ᠋ᠷ ᠤᠯᠠᠨ ᠲᠦᠮᠡᠨ ᠢ ᠨᠡᠶᠢᠳᠡ 1200 ᠬᠥᠮᠥᠨ ᠤᠳᠠᠭ᠎ᠠ ᠲᠠᠶᠢᠴᠢᠯᠠᠵᠦ᠂ 145 ᠮᠦ ᠮᠣᠳᠣ ᠲᠠᠷᠢᠵᠦ᠂ 6600 ᠭᠠᠷᠤᠢ ᠰᠠᠭᠤᠷᠢ ᠮᠣᠳᠣ ᠵᠠᠶᠢᠯᠠᠪᠠ᠃                                                    ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号