ᠰᠢᠯᠢ ᠶᠢᠨ ᠭᠤᠣᠯ ᠠᠶᠢᠮᠠᠭ ᠤᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠪᠡᠭᠡᠵᠢᠩ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠵᠤᠯᠭᠠᠭᠤᠯᠬᠤ ᠶᠢᠨ ᠬᠠᠮᠳᠦ ᠲᠤᠭᠤᠷᠢᠨ ᠰᠤᠷᠤᠯᠴᠠᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/4/9
     4 ᠰᠠᠷ᠎ᠠ ᠶᠢᠨ 7᠎ ᠠᠴᠠ 8᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠪᠦᠯᠬᠦᠮ ᠳᠠᠭᠠᠭᠤᠯᠤᠨ ᠪᠡᠭᠡᠵᠢᠩ ᠬᠤᠳᠠ ᠳᠤ ᠬᠦᠷᠴᠦ ᠪᠡᠭᠡᠵᠢᠩ ᠦᠪᠦᠷ ᠮᠣᠩᠭᠤᠯ ᠤᠨ ᠬᠠᠮᠵᠢᠯᠴᠠᠭᠠᠨ ᠤ ᠠᠵᠢᠯ ᠢ ᠵᠣᠯᠭᠠᠭᠤᠯᠬᠤ ᠶᠢᠨ ᠬᠠᠮᠲᠤ ᠲᠤᠭᠤᠷᠢᠨ ᠰᠤᠷᠤᠯᠴᠠᠵᠦ ᠰᠢᠨᠵᠢᠯᠡᠨ ᠪᠠᠶᠢᠴᠠᠭᠠᠪᠠ᠃      ᠲᠥᠯᠥᠭᠡᠯᠡᠭᠴᠢᠳ ᠤᠨ ᠪᠦᠯᠬᠦᠮ ᠤᠨ ᠬᠢᠨ ᠤᠷᠢᠳ ᠬᠤᠵᠢᠳ ᠵᠢᠩ ᠳ᠋ᠦᠩ ᠹᠠᠩ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠵᠢᠩ ᠳ᠋ᠦᠩ ᠪᠦᠯᠦᠭᠯᠡᠯ᠂ ᠸᠠᠨ ᠲᠠᠢ ᠯᠢ  ᠺᠧ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠴᠠᠩ ᠫᠢᠩ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠫᠠᠩ ᠭᠧ ᠵᠤᠸᠠᠩ ᠪᠠᠯᠭᠠᠰᠤᠨ ᠤ ᠰᠧ ᠵᠶᠢ ᠶᠠᠩ ᠺᠦᠨ ᠲᠠᠷᠢᠮᠠᠯ ᠤᠨ ᠰᠠᠭᠤᠷᠢᠨ ᠭᠠᠵᠠᠷ᠂ ᠬᠤᠩ ᠹᠦ ᠲᠠᠷᠢᠶᠠᠯᠠᠩ ᠤᠨ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠲᠤᠭᠤᠷᠢᠨ ᠰᠤᠷᠤᠯᠴᠠᠵᠦ ᠰᠢᠨᠵᠢᠯᠡᠨ ᠪᠠᠶᠢᠴᠠᠭᠠᠭᠰᠠᠨ ᠪᠥᠭᠡᠳ ᠲᠤᠰ ᠲᠤᠰ ᠪᠡᠭᠡᠵᠢᠩ ᠤᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠴᠠᠩ ᠫᠢᠩ ᠲᠣᠭᠤᠷᠢᠭ᠂ ᠳᠠ ᠰᠢᠩ ᠲᠣᠭᠤᠷᠢᠭ ᠤᠨ ᠨᠠᠮ ᠤᠨ ᠬᠤᠷᠢᠶ᠎ᠠ ︵ᠨᠠᠮ ᠤᠨ ᠠᠵᠢᠯᠯᠠᠬᠤ ᠬᠤᠷᠢᠶ᠎ᠠ︶᠂ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠲᠠᠢ ᠶᠠᠷᠢᠯᠴᠠᠪᠠ᠃      ᠵᠠᠩ ᠪᠠᠢ ᠴᠧᠩ ᠭᠡᠯᠡᠭᠦ ᠳᠡᠭᠡᠨ᠂ ᠣᠳᠣᠬᠠᠨ ᠳᠤ᠂ ᠰᠢᠯᠢ ᠶᠢᠨ ᠭᠤᠣᠯ ᠠᠶᠢᠮᠠᠭ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠦᠨ᠂ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠴᠢᠭᠯᠡᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠡᠭᠡᠷ᠎ᠠ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾᠎ ᠢᠶᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠳᠡ ᠶᠢᠨ ᠲᠡᠶᠢᠯᠠᠯᠳᠤᠭᠠᠨ ᠢ ᠡᠷᠡᠰ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠢ᠂ ᠡᠨᠧᠷᠭᠢ᠂ ᠰᠣᠶᠣᠯ ᠵᠢᠭᠤᠯᠴᠢᠯᠠᠯ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠦᠴᠦᠯᠡᠨ ᠪᠤᠵᠠᠭᠠᠶᠢᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠵᠦ ᠪᠤᠢ᠃ ᠪᠡᠭᠡᠵᠢᠩ ᠤᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠴᠠᠩ ᠫᠢᠩ ᠲᠣᠭᠤᠷᠢᠭ᠂ ᠳ᠋ᠠ ᠰᠢᠩ ᠲᠣᠭᠤᠷᠢᠭ ᠯᠤᠭ᠎ᠠ ᠰᠢᠨ᠎ᠡ ᠡᠨᠧᠷᠭᠢ᠂ ᠲᠤᠨᠤᠭᠯᠠᠯ ᠦᠢᠯᠡᠳᠭᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠰᠤᠷᠭᠠᠨ ᠬᠥᠮᠦᠵᠢᠯ ᠡᠮ ᠡᠮᠨᠡᠯᠭᠡ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠬᠦᠷᠢᠶᠡᠨ ᠳᠤ ᠪᠦᠬᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠨᠡᠩ ᠶᠡᠭᠡ ᠬᠡᠪᠴᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠢᠶᠠᠷ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠡᠭᠦᠨ ᠤ ᠬᠠᠮᠳᠦ᠂ ᠰᠢᠯᠢ ᠶᠢᠨ ᠭᠤᠣᠯ ᠠᠶᠢᠮᠠᠭ ᠲᠤᠰ ᠤᠳᠠᠭ᠎ᠠ ᠶᠢᠨ ᠰᠤᠷᠤᠯᠴᠠᠯᠭ᠎ᠠ ᠰᠢᠨᠵᠢᠯᠡᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠰᠠᠶᠢᠲᠤᠷ ᠤᠯᠠᠷᠢᠭᠤᠯᠤᠨ ᠬᠡᠷᠡᠭᠯᠡᠵᠦ᠂ ᠦᠵᠡᠯ ᠰᠠᠨᠠᠭ᠎ᠠ ᠪᠠᠨ ᠤᠯᠠᠮ ᠴᠢᠯᠦᠭᠡᠯᠡᠨ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠡᠯ᠎ᠡ ᠲᠠᠯ᠎ᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠠ ᠭᠡᠪᠡ᠃      ᠪᠡᠭᠡᠵᠢᠩ ᠤᠨ ᠠᠵᠤ ᠠᠬᠤᠢ ᠮᠡᠷᠭᠡᠵᠢᠯ ᠤᠨ ᠨᠡᠭᠡᠭᠡᠨ ᠭᠦᠭᠵᠢᠭᠦᠯᠦᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠺᠦᠩ ᠯᠧᠢ᠂ ᠴᠠᠩ ᠫᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᡁᠢ ᠰᠢᠶᠠᠨ ᠸᠧᠢ᠂ ᠳ᠋ᠠ ᠰᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠵᠢᠦ ᠭᠦᠸᠧ ᠠᠴᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠠᠷᠢᠮᠵᠢᠶ᠎ᠠ ᠶᠢ ᠲᠤᠷᠤᠬᠰᠢᠯᠠᠭᠤᠯᠬᠤ ᠦᠭᠡᠢ᠂ ᠡᠷᠴᠢᠮ ᠢ ᠪᠠᠭᠤᠷᠠᠭᠤᠯᠬᠤ ᠦᠭᠡᠢ᠂ ᠡᠷᠴᠢ ᠵᠣᠷᠢᠭ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠡᠯ᠎ᠡ ᠬᠦᠷᠢᠶᠡᠨ ᠤ ᠵᠣᠯᠭᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠬᠦᠴᠦᠯᠡᠨ ᠰᠠᠶᠢᠲᠤᠷ ᠠᠳᠬᠤᠵᠤ᠂ ᠰᠢᠯᠢ ᠶᠢᠨ ᠭᠤᠣᠯ ᠠᠶᠢᠮᠠᠭ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠥᠨᠳᠥᠷ ᠲᠡᠰ ᠳᠠᠪᠬᠤᠷᠭ᠎ᠠ ᠲᠡᠶᠢᠰᠢ ᠠᠬᠢᠭᠤᠯᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠰᠠᠨᠠᠯ ᠨᠢᠭᠡᠲᠡᠢ ᠢᠯᠡᠷᠭᠡᠶᠢᠯᠡᠵᠡᠭᠡᠪᠡ᠃      ᠦ᠋ ᠴᠢᠩ ᠬᠤᠸᠠ᠂ ᠵᠢᠶᠠ ᠸᠧᠨ ᠽᠥᠩ ᠪᠣᠯᠣᠨ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃                                        ᠣᠷᠴᠢᠭᠤᠯᠣᠭᠴᠢ᠄ ᠣᠶᠣᠩᠬᠤᠸᠠᠷ    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号