ᠨᠠᠮ ᠤᠨ ᠲᠥᠪ ᠬᠤᠷᠢᠶ᠎ᠠ ︽ᠨᠠᠮ ᠤᠨ ᠲᠡᠦᠬᠡ ᠶᠢ ᠰᠤᠷᠤᠯᠴᠠᠬᠤ ᠬᠥᠮᠥᠵᠢᠯ ᠤᠨ ᠠᠵᠢᠯ ᠤᠨ ᠳᠦᠷᠢᠮ︾ ᠎ ᠢ ᠳᠠᠷᠤᠮᠠᠯᠯᠠᠨ ᠲᠠᠷᠬᠠᠭᠠᠵᠠᠢ
ᠨᠡᠶᠢᠲᠡᠯᠡᠭᠰᠡᠨ ᠴᠠᠭ᠄
2024/4/9
     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠥᠨᠥᠬᠡᠨ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠠᠵᠢᠯ ᠤᠨ ᠳᠦᠷᠢᠮ︾᠎ ᠢ ᠳᠠᠷᠤᠮᠠᠯᠯᠠᠨ ᠲᠠᠷᠬᠠᠭᠠᠭᠰᠠᠨ ᠤ ᠬᠠᠮᠲᠤ ᠮᠡᠳᠡᠭᠳᠡᠯ ᠪᠠᠭᠤᠯᠭᠠᠵᠤ᠂ ᠨᠠᠷᠢᠨ ᠬᠢᠨᠠᠮᠠᠭᠠᠢ ᠵᠢᠷᠤᠮᠯᠠᠨ ᠭᠦᠢᠴᠡᠳᠬᠡᠬᠦ ᠬᠡᠷᠡᠭᠲᠡᠢ ᠭᠡᠵᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠤ ᠱᠠᠭᠠᠷᠳᠠᠭᠰᠠᠨ ᠪᠠᠶᠢᠨ᠎ᠠ᠃      ᠮᠡᠳᠡᠭᠳᠡᠯ ᠳᠤ ᠵᠢᠭᠠᠬᠤ ᠳᠠᠭᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠥᠷᠨᠢᠭᠦᠯᠵᠦ᠂ ᠨᠠᠮ ᠤᠨ ᠲᠡᠦᠬᠡ ᠶᠢᠨ ᠲᠡᠦᠬᠡ ᠪᠠᠷ ᠣᠳᠣ ᠳᠤ ᠯᠠᠪᠯᠠᠯᠲᠠ ᠪᠣᠯᠭᠠᠨ᠂ ᠵᠠᠰᠠᠭ ᠶᠠᠪᠤᠭᠤᠯᠤᠨ ᠬᠥᠮᠥᠨ ᠢ ᠬᠥᠮᠥᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠪᠣᠯ ᠨᠠᠮ ᠪᠣᠯᠣᠨ ᠲᠥᠷᠥ ᠶᠢᠨ ᠠᠵᠢᠯ ᠤᠨ ᠶᠡᠭᠡ ᠲᠠᠯ᠎ᠠ ᠳᠠᠬᠢ ᠮᠠᠰᠢ ᠴᠢᠬᠤᠯᠠ ᠨᠢᠭᠡᠨ ᠠᠵᠢᠯ ᠪᠣᠯᠬᠤ ᠶᠤᠮ᠃ ︽ᠳᠦᠷᠢᠮ︾᠎ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠳᠦᠷᠢᠮ ᠢᠶᠠᠷ ᠦᠨᠳᠦᠰᠦᠯᠡᠯ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠤᠳᠤᠷᠢᠳᠬᠤ ᠲᠣᠭᠲᠠᠴᠠ ᠪᠣᠯᠣᠨ ᠠᠵᠢᠯ ᠤᠨ ᠬᠠᠷᠢᠭᠤᠴᠠᠯᠭ᠎ᠠ᠂ ᠠᠭᠤᠯᠭ᠎ᠠ᠂ ᠭᠤᠣᠯ ᠪᠣᠯᠬᠤ ᠠᠷᠭ᠎ᠠ ᠬᠡᠯᠪᠡᠷᠢ᠂ ᠪᠠᠲᠤᠯᠠᠭ᠎ᠠ ᠪᠣᠯᠣᠨ ᠬᠢᠨᠠᠯᠲᠠ ᠲᠠᠯᠪᠢᠬᠤ ᠵᠡᠷᠭᠡ ᠠᠵᠢᠯ ᠢ ᠪᠦᠬᠦ ᠲᠠᠯ᠎ᠠ ᠪᠠᠷ ᠳᠦᠷᠢᠮᠵᠢᠭᠦᠯᠵᠦ᠂ ᠨᠠᠮ ᠤᠨ ᠲᠡᠦᠬᠡ ᠎ ᠶᠢᠨ ᠰᠤᠷᠤᠯᠴᠠᠯᠭ᠎ᠠ ᠬᠥᠮᠥᠵᠢᠯ ᠤᠨ ᠠᠵᠢᠯ ᠤᠨ ᠦᠨᠳᠦᠰᠦᠨ ᠵᠢᠷᠤᠮᠯᠠᠯ ᠪᠣᠯᠣᠭᠰᠠᠨ ᠶᠤᠮ᠃ ︽ᠳᠦᠷᠢᠮ︾᠎ ᠢ ᠲᠣᠭᠲᠠᠭᠠᠵᠤ ᠬᠡᠷᠡᠭᠵᠢᠭᠦᠯᠦᠭᠰᠡᠨ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢ ᠪᠠᠶᠢᠩᠭᠤ ᠶᠢᠨ ᠴᠢᠨᠠᠷ ᠲᠠᠢ ᠥᠷᠨᠢᠭᠦᠯᠵᠦ᠂ ᠤᠷᠲᠤ ᠬᠤᠭᠤᠴᠠᠭᠠᠨ ᠤ ᠦᠷ᠎ᠡ ᠪᠦᠲᠦᠮᠵᠢᠲᠡᠢ ᠪᠣᠯᠭᠠᠬᠤ᠂ ᠪᠦᠬᠦ ᠨᠠᠮ ᠪᠦᠬᠦ ᠨᠡᠶᠢᠭᠡᠮ ᠢᠶᠠᠷ ᠢᠶᠠᠨ ᠨᠠᠮ ᠤᠨ ᠲᠡᠦᠬᠡ ᠶᠢ ᠰᠠᠶᠢᠨ ᠰᠤᠷᠤᠯᠴᠠᠬᠤ᠂ ᠨᠠᠮ ᠤᠨ ᠲᠡᠦᠬᠡ ᠶᠢ ᠰᠠᠶᠢᠨ ᠠᠰᠢᠭᠯᠠᠬᠤ ᠶᠢ ᠠᠬᠢᠭᠤᠯᠬᠤ ᠳᠤ᠂ ᠨᠠᠮ ᠎ ᠤᠨ ᠲᠡᠦᠬᠡ ᠶᠢ ᠰᠤᠷᠤᠯᠴᠠᠨ ᠣᠶᠣᠨ ᠤᠬᠠᠭᠠᠨ ᠪᠣᠯᠣᠨ ᠡᠷᠴᠢ ᠬᠦᠴᠦ ᠪᠠᠨ ᠰᠡᠯᠭᠦᠵᠦ᠂ ᠲᠡᠦᠬᠡ ᠶᠢ ᠰᠤᠷᠤᠯᠴᠠᠨ ᠶᠣᠰᠣ ᠵᠠᠶ᠋ᠢᠭ ᠢ ᠡᠵᠡᠮᠰᠢᠵᠦ᠂ ᠲᠡᠦᠬᠡ ᠶᠢ ᠰᠤᠷᠤᠯᠴᠠᠨ ᠮᠣᠷᠠᠯ ᠢ ᠳᠡᠭᠡᠳᠦᠯᠡᠵᠦ᠂ ᠲᠡᠦᠬᠡ ᠶᠢ ᠰᠤᠷᠤᠯᠴᠠᠨ ᠪᠡᠶ᠎ᠡ ᠪᠠᠷ ᠎ ᠢᠶᠠᠨ ᠦᠢᠯᠡᠳᠦᠯᠭᠡᠵᠢᠭᠦᠯᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃      ᠮᠡᠳᠡᠭᠳᠡᠯ ᠳᠤ ᠱᠠᠭᠠᠷᠳᠠᠬᠤ ᠳᠠᠭᠠᠨ᠂ ᠡᠯ᠎ᠡ ᠱᠠᠲᠤᠨ ᠤ ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠬᠢᠨ ︽ᠳᠦᠷᠢᠮ︾᠎ ᠢ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠴᠢᠩᠭ᠎ᠠ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠨᠠᠮ ᠤᠨ ᠡᠭᠦᠳᠦᠯᠲᠡ ᠰᠢᠨᠡᠴᠢᠯᠡᠯᠲᠡ ᠶᠢᠨ ᠣᠨᠣᠯ ᠢ ᠰᠤᠷᠤᠯᠴᠠᠬᠤ ᠪᠣᠯᠣᠨ ᠨᠠᠮ ᠤᠨ ᠲᠡᠦᠬᠡ ᠶᠢᠨ ᠦᠨᠳᠦᠰᠦᠨ ᠠᠭᠤᠯᠭ᠎ᠠ᠂ ᠨᠠᠮ ᠤᠨ ᠲᠡᠦᠬᠡ ᠶᠢᠨ ᠳ᠋ᠦᠩᠨᠡᠯᠲᠡ᠂ ᠨᠠᠮ ᠎ ᠤᠨ ᠲᠡᠦᠬᠡ ᠶᠢᠨ ᠲᠤᠷᠰᠢᠯᠭ᠎ᠠ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠠᠪᠴᠠᠯᠳᠤᠭᠤᠯᠤᠨ ᠤᠶᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢ ᠭᠤᠣᠯ ᠠᠵᠢᠯ ᠢᠶᠠᠨ ᠰᠠᠶᠢᠨ ᠬᠢᠬᠦ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠵᠢᠯᠣᠭᠤᠳᠤᠨ ᠳᠠᠭᠠᠭᠤᠯᠵᠤ ᠨᠠᠮ ᠤᠨ ᠲᠡᠦᠬᠡ ᠶᠢᠨ ᠲᠤᠬᠠᠢ ᠵᠥᠪ ᠦᠵᠡᠯᠲᠡ ᠶᠢ ᠪᠣᠢ ᠪᠣᠯᠭᠠᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠠᠵᠢᠯ ᠬᠢᠵᠦ ᠦᠢᠯᠡᠰ ᠪᠦᠲᠦᠭᠡᠬᠦ ᠬᠦᠴᠦᠷᠬᠡᠭ ᠶᠡᠭᠡ ᠬᠥᠳᠡᠯᠭᠡᠭᠴᠢ ᠬᠦᠴᠦ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号