ᠮᠠᠨ ᠤ ᠠᠶᠢᠮᠠᠭ ᠦᠭᠡᠷ ᠬᠤᠨᠢᠨ ᠤ ᠰᠢᠯᠢᠳᠡᠭ ᠡᠭᠦᠯᠳᠡᠷ ᠢ ᠪᠤᠶᠢᠵᠢᠭᠤᠯᠬᠤ ᠤᠳᠤᠬᠢᠴᠢᠯᠠᠬᠰᠠᠨ ᠰᠢᠰᠲ᠋ᠧᠮ ᠢ ᠦᠨᠳᠤᠰᠤᠨ ᠳᠡᠭᠡᠨ ᠪᠦᠷᠢᠯᠳᠤᠭᠦᠯᠪᠡ
ᠨᠡᠶᠢᠲᠡᠯᠡᠭᠰᠡᠨ ᠴᠠᠭ᠄
2024/4/9
     ᠤᠶᠢᠷ᠎ᠠ ᠶᠢᠨ ᠵᠢᠯ ᠠᠴᠠ ᠮᠠᠨ ᠤ ᠠᠶᠢᠮᠠᠬ ᠰᠢᠯᠢᠳᠡᠭ ᠡᠬᠦᠯᠳᠡᠷ ᠤᠨ ᠦᠬᠡᠷ ᠳᠡᠵᠢᠬᠡᠨ ᠦᠷᠡᠵᠢᠬᠦᠯᠬᠦ ᠦᠢᠯᠡᠰ ᠢ ᠬᠦᠴᠦᠯᠡᠨ ᠬᠦᠭᠵᠢᠬᠦᠯᠵᠦ᠂ ᠤᠯᠤᠰ᠂ ᠣᠷᠣᠨ᠂ ᠠᠶᠢᠮᠠᠭ ᠤᠨ ᠲᠠᠰ ᠤᠨ ᠦᠭᠡᠷ ᠤᠨ ᠭᠤᠤᠯᠳᠠᠯᠭᠠᠳᠦ  ᠡᠭᠦᠯᠳᠡᠷ  ᠪᠤᠶᠢᠵᠢᠭᠤᠯᠬᠤ  ᠲᠠᠯᠠᠪᠠᠶ ᠎ ᠶᠢ  ᠪᠠᠶᠢᠭᠤᠯᠬᠤ  ᠡᠷᠴᠢᠮ ᠢ ᠴᠢᠩᠭᠠᠷᠠᠭᠤᠯᠵᠤ᠂ ︽ᠦᠷ᠎ᠠ ᠶᠢᠨ ᠮᠠᠯ ᠤᠨ ᠦᠷᠳᠡᠭᠡ + ᠭᠤᠣᠯᠳᠠᠯᠭᠠᠳᠤ ᠡᠭᠦᠯᠳᠡᠷ ᠪᠤᠶᠢᠵᠢᠭᠤᠯᠬᠤ ᠲᠠᠯᠠᠪᠠᠶ ︵ᠦᠷ᠎ᠠ ᠶᠢᠨ ᠮᠠᠯ ᠤᠨ ᠲᠠᠯᠠᠪᠠᠶ᠂ ᠭᠤᠣᠯᠳᠠᠯᠭᠠᠳᠤ ᠰᠦᠷᠦᠭ︶ + ᠲᠡᠵᠢᠭᠡᠨ ᠦᠷᠡᠵᠢᠭᠦᠯᠬᠦ ᠡᠷᠦᠬᠡ︾᠎ ᠶᠢᠨ ᠰᠢᠯᠢᠳᠡᠭ ᠡᠭᠦᠯᠳᠡᠷ ᠤᠨ ᠦᠬᠡᠷ ᠢ ᠦᠷᠡᠵᠢᠭᠦᠯᠦᠨ ᠪᠤᠶᠢᠵᠢᠭᠤᠯᠬᠤ  ᠰᠢᠰᠲ᠋ᠧᠮ ᠢ  ᠠᠯᠬᠤᠮ ᠠᠯᠬᠤᠮ ᠢᠶᠠᠷ ᠪᠦᠷᠢᠯᠳᠦᠬᠦᠯᠪᠡ᠃      2021 ᠤᠨ ᠳᠤ ᠮᠠᠨ ᠤ ᠠᠶᠢᠮᠠᠭ ᠤᠨ ᠤᠯᠠᠭᠠᠢ ᠬᠠᠮᠢᠶᠠᠷᠤᠯᠳᠡ ᠶᠢᠨ ᠤᠷᠤᠨ ᠳᠤ ᠪᠤᠶᠢᠵᠢᠭᠤᠯᠤᠬᠰᠠᠨ ︽ᠬᠤᠸᠠᠰᠢ ᠦᠬᠡᠷ︾ ᠤᠨ ᠰᠢᠨ᠎ᠠ ᠡᠬᠦᠯᠳᠡᠷ ᠢ ᠬᠢᠨᠠᠨ ᠳᠤᠬᠳᠠᠭᠠᠵᠤ ᠨᠡᠷᠡᠶᠢᠳᠤᠭᠡᠳ᠂ ᠮᠠᠨ ᠤ ᠤᠯᠤᠰ ᠤᠨ ᠪᠦᠷᠢᠮᠦᠰᠤᠨ ᠪᠡᠶ᠎ᠠ ᠪᠠᠨ ᠳᠠᠭᠠᠭᠠᠬᠰᠠᠨ ᠮᠡᠳᠡᠯᠬᠡ ᠶᠢᠨ ᠪᠦᠳᠤᠭᠡᠭᠳᠡᠬᠦᠨ ᠤ ᠦᠮᠴᠢᠯᠡᠬᠦ ᠡᠷᠭᠡ ᠲᠠᠢ ᠦᠬᠡᠷ ᠤᠨ ᠰᠢᠨ᠎ᠠ ᠡᠬᠦᠯᠳᠡᠷ ᠪᠤᠯᠵᠤ᠂ ᠮᠠᠨ ᠤ ᠠᠶᠢᠮᠠᠭ ᠪᠦᠬᠦ ᠤᠯᠤᠰ ᠤᠨ ᠬᠤᠸᠠᠰᠢ ᠦᠬᠡᠷ ᠤᠨ ᠰᠢᠨ᠎ᠠ ᠡᠬᠦᠯᠳᠡᠷ ᠤᠨ ᠦᠷ᠎ᠠ ᠬᠠᠨᠭ᠍ᠭᠠᠬᠤ ᠭᠤᠤᠯ ᠰᠠᠭᠤᠷᠢᠨ ᠪᠤᠯᠤᠬᠰᠠᠨ ᠶᠤᠮ᠃ ᠤᠳᠤ ᠤᠯᠠᠭᠠᠢ ᠬᠠᠮᠢᠶᠠᠷᠤᠯᠳᠡ ᠶᠢᠨ ᠤᠷᠤᠨ ᠤ 433 ᠡᠷᠦᠭᠡ ᠬᠤᠸᠠᠰᠢ ᠦᠭᠡᠷ ᠮᠠᠯᠵᠢᠵᠦ᠂ ᠡᠭᠦᠨ ᠳᠤ 20 ᠭᠠᠷᠤᠢ ᠡᠷᠦᠭᠡ ᠨᠢ ᠬᠤᠸᠠᠰᠢ ᠦᠭᠡᠷ ᠮᠠᠯᠵᠢᠬᠤ ᠳᠤᠰᠬᠠᠢ ᠡᠷᠦᠭᠡ ᠪᠤᠯᠤᠬᠰᠠᠨ ᠪᠠᠶᠢᠨ᠎ᠠ᠃      2023 ᠤᠨ ᠤ 12 ᠰᠠᠷ᠎ᠠ ᠶᠢᠨ 3᠎ ᠤ ᠡᠳᠤᠷ᠂ ᠤᠯᠤᠰ ᠤᠨ ᠳᠡᠰ ᠤᠨ ᠮᠢᠬᠠᠨ ᠤ ᠦᠬᠡᠷ ᠤᠨ ᠭᠤᠤᠯᠳᠠᠯᠭᠠᠳᠤ ᠡᠬᠦᠯᠳᠡᠷ ᠪᠤᠶᠢᠵᠢᠭᠤᠯᠬᠤ ᠳᠠᠯᠠᠪᠠᠢ ᠪᠠᠷ ᠡᠷᠡᠮᠡᠯᠵᠡᠭᠰᠡᠨ ᠰᠦᠨᠢᠳ ᠵᠡᠬᠦᠨ ᠬᠤᠰᠢᠭᠤᠨ ᠤ ᠴᠠᠭᠠᠨᠬᠠᠳᠠ ᠮᠠᠯ ᠠᠵᠤ ᠠᠬᠤᠢ ᠶᠢᠨ ᠳᠤᠰᠬᠠᠢ ᠬᠤᠷᠰᠢᠶᠠᠵᠢᠯ ᠨᠢ ᠬᠠᠮᠢᠶ᠎ᠠ ᠪᠦᠬᠦᠢ ᠳᠤᠰᠬᠠᠢ ᠮᠡᠷᠭᠡᠵᠢᠯᠳᠡᠳ ᠤᠨ ᠳᠤᠬᠠᠢ ᠶᠢᠨ ᠳᠠᠯᠠᠪᠠᠢ ᠳᠠᠬᠢ ᠰᠢᠯᠢᠨ ᠰᠤᠩᠭᠤᠯᠳᠠ ᠶᠢ ᠦᠡᠭᠭᠡᠷᠡᠭᠡᠭᠰᠡᠨ ᠮᠦᠷᠳᠡᠭᠡᠨ 12 ᠰᠠᠷ᠎ᠠ ᠶᠢᠨ 5᠎ ᠤ ᠡᠳᠤᠷ ᠤᠯᠠᠭᠠᠢ ᠬᠠᠮᠢᠶᠠᠷᠤᠯᠳᠠ ᠶᠢᠨ ᠤᠷᠤᠨ ᠤ ᠤᠦ ᠺᠧ ᠰᠧ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠢᠵᠠᠭᠠᠷᠳᠤ ᠺᠤᠮᠫᠠᠨᠢ ᠨᠢ ᠬᠠᠮᠢᠶ᠎ᠠ ᠪᠦᠬᠦᠢ ᠰᠢᠯᠭᠠᠨ ᠪᠠᠶᠢᠴᠠᠭᠠᠯᠳᠠ ᠶᠢ ᠦᠡᠭᠭᠡᠷᠡᠭᠡᠵᠤ ᠤᠯᠤᠰ ᠤᠨ ᠳᠡᠰ ᠤᠨ ᠮᠢᠬᠠᠨ ᠤ ᠦᠬᠡᠷ ᠤᠨ ᠭᠤᠤᠯᠳᠠᠯᠭᠠᠳᠤ ᠡᠬᠦᠯᠳᠡᠷ ᠪᠤᠶᠢᠵᠢᠭᠤᠯᠬᠤ ᠳᠠᠯᠠᠪᠠᠢ ᠪᠤᠯᠪᠡ᠃      ᠮᠠᠨ ᠤ ᠠᠶᠢᠮᠠᠭ ᠪᠠᠰᠠ ᠬᠤᠨᠢᠨ ᠤ ᠰᠢᠯᠢᠳᠡᠭ ᠡᠭᠦᠯᠳᠡᠷ ᠢ ᠰᠣᠩᠭᠤᠵᠤ ᠴᠡᠪᠡᠷᠰᠢᠭᠦᠯᠦᠨ ᠳᠡᠭᠡᠭᠰᠢᠯᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠨ ᠨᠤᠲᠤᠭ ᠤᠨ ᠮᠢᠬᠠᠨ ᠤ ᠬᠤᠨᠢ ᠶᠢ ᠦᠷᠡᠵᠢᠬᠦᠯᠦᠨ ᠪᠤᠶᠢᠵᠢᠭᠤᠯᠬᠤ ᠪᠠ ᠴᠡᠪᠡᠷ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠪᠠᠷ ᠭᠤᠣᠯ ᠪᠣᠯᠭᠠᠵᠤ᠂ ᠣᠷᠣᠨ ᠨᠤᠲᠤᠭ ᠤᠨ ᠡᠭᠦᠯᠳᠡᠷ ᠤᠨ ᠤᠳᠤᠮᠯᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠬᠤ ᠪᠠ ᠴᠠᠬᠠᠷ ᠬᠤᠨᠢ ᠵᠡᠷᠭᠡ ᠤᠷᠤᠨ ᠨᠤᠳᠤᠬ ᠲᠤ ᠵᠤᠬᠢᠴᠠᠬᠤ ᠴᠡᠪᠡᠷ ᠡᠬᠦᠯᠳᠡᠷ ᠢ ᠴᠢᠷᠮᠠᠶᠢᠨ ᠪᠤᠶᠢᠵᠢᠭᠤᠯᠵᠦ ᠪᠤᠢ᠃ ᠡᠬᠦᠨ ᠤ ᠳᠠᠭᠠᠤ ︽ᠰᠣᠩᠭᠤᠨ ᠪᠤᠶᠢᠵᠢᠭᠤᠯᠬᠤ + ᠭᠧᠨ ᠤ ᠪᠦᠯᠦᠭ ᠤᠨ ᠰᠣᠩᠭᠤᠯᠲᠠ + ᠲᠣᠭᠠᠴᠢᠯᠠᠭᠰᠠᠨ ᠡᠭᠦᠯᠳᠡᠷ ᠪᠤᠶᠢᠵᠢᠭᠤᠯᠬᠤ ᠰᠢᠰᠲ᠋ᠧᠮ︾᠎ ᠤᠨ ᠠᠵᠢᠯ ᠤᠨ ᠵᠠᠭᠪᠤᠷ ᠢ ᠪᠦᠷᠢᠯᠳᠦᠬᠦᠯᠵᠤ᠂ ᠡᠭᠦᠯᠳᠡᠷ ᠰᠣᠩᠭᠤᠨ ᠪᠤᠶᠢᠵᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠡᠭᠦᠯᠳᠡᠷ ᠪᠤᠶᠢᠵᠢᠭᠤᠯᠬᠤ ᠲᠠᠯᠠᠪᠠᠶ + ᠥᠷᠭᠡᠳᠬᠡᠨ ᠦᠷᠡᠵᠢᠭᠦᠯᠬᠦ ᠲᠠᠯᠠᠪᠠᠶ + ᠭᠤᠤᠯᠳᠠᠯᠭᠠᠳᠤ ᠰᠦᠷᠦᠭ + ᠲᠡᠵᠢᠭᠡᠨ ᠦᠷᠡᠵᠢᠭᠦᠯᠬᠦ ᠡᠷᠦᠬᠡ︾᠎ ᠶᠢᠨ ᠰᠢᠯᠢᠳᠡᠭ ᠡᠭᠦᠯᠳᠡᠷ ᠪᠤᠶᠢᠵᠢᠭᠤᠯᠬᠤ ᠰᠢᠰᠲ᠋ᠧᠮ ᠢ ᠪᠠᠶᠢᠭᠤᠯᠵᠠᠢ᠃      ᠬᠥᠪᠡᠭᠡᠲᠦ ᠰᠢᠷ᠎ᠠ ᠬᠤᠰᠢᠭᠤᠨ ᠤ ᠤᠩᠭᠤᠬᠠᠭᠤᠯᠠ ᠰᠤᠮᠤ ᠶᠢᠨ ᠠᠯᠳᠠᠨᠮᠤᠳᠤ ᠭᠠᠴᠠᠭᠠᠨ ᠤ ᠮᠠᠯᠴᠢᠨ ᠬᠠᠰᠡᠷᠳᠡᠨᠢ ᠶᠢᠨ ᠬᠢᠨ ᠴᠠᠬᠠᠷ ᠬᠤᠨᠢᠨ ᠤ ᠭᠤᠤᠯᠳᠠᠯᠭᠠᠳᠤ ᠰᠦᠷᠦᠭ ᠤᠨ ᠡᠷᠦᠬᠡ ᠪᠣᠯᠤᠨ᠎ᠠ᠃ ᠲᠡᠳᠡᠨ ᠤ ᠬᠢᠨ ᠤᠤᠯ ᠠᠴᠠ ᠪᠠᠨ ᠨᠠᠷᠢᠨ ᠨᠤᠤᠰᠤᠳᠤ ᠬᠤᠨᠢ ᠮᠠᠯᠵᠢᠵᠤ ᠪᠠᠶᠢᠬᠰᠠᠨ ᠪᠦᠭᠡᠳ 2003 ᠣᠨ ᠠᠴᠠ ᠡᠬᠢᠯᠡᠨ ᠥᠪᠡᠷ ᠤᠨ ᠨᠠᠷᠢᠨ ᠨᠤᠤᠰᠤᠳᠤ ᠬᠤᠨᠢ ᠪᠠᠨ ᠢᠴᠡᠬᠡᠯ ᠦᠷ᠎ᠠ ᠶᠢᠨ ᠬᠡᠬᠡᠯᠳᠤᠬᠦᠯᠬᠡ ᠪᠠᠷ ᠳᠠᠮᠵᠢᠭᠤᠯᠤᠨ ᠴᠠᠬᠠᠷ ᠡᠬᠦᠯᠳᠡᠷ ᠤᠨ ᠬᠤᠨᠢ ᠪᠤᠯᠭᠠᠵᠦ᠂ ᠣᠳᠣᠬᠠᠨ ᠳᠤ 200 ᠭᠠᠷᠤᠶ ᠴᠠᠬᠠᠷ ᠬᠤᠨᠢ ᠮᠠᠯᠵᠢᠵᠤ ᠪᠠᠶᠢᠨ᠎ᠠ᠃ ︽ᠴᠠᠬᠠᠷ ᠬᠤᠨᠢ ᠮᠠᠯᠵᠢᠪᠠᠯ ᠪᠡᠯᠴᠢᠭᠡᠷ ᠤᠨ ᠳᠠᠷᠤᠭᠠᠰᠤ ᠶᠢ ᠬᠥᠩᠭᠡᠷᠡᠭᠦᠯᠵᠦ ᠴᠢᠳᠠᠨ᠎ᠠ᠂ ︿ᠴᠦᠬᠡᠨ ᠮᠠᠯᠵᠢᠵᠤ ᠨᠠᠷᠢᠯᠢᠭ ᠮᠠᠯᠵᠢᠬᠤ﹀᠎ ᠪᠠᠷ ᠳᠠᠮᠵᠢᠨ ᠥᠨᠳᠥᠷ ᠦᠷ᠎ᠡ ᠠᠰᠢᠭ ᠬᠦ᠋ᠷᠳᠡᠵᠤ ᠪᠤᠯᠤᠨ᠎ᠠ᠂ ᠠᠷᠠᠰᠤ ᠨᠣᠣᠰᠣᠨ ᠤ ᠣᠷᠣᠯᠭ᠎ᠠ ᠨᠢ ᠪᠤᠰᠤᠳ ᠡᠭᠦᠯᠳᠡᠷ ᠤᠨ ᠬᠤᠨᠢ ᠠᠴᠠ ᠦᠨᠳᠦᠷ ᠪᠠᠶᠢᠵᠤ᠂ ᠮᠢᠬᠠᠨ ᠤ ᠭᠠᠷᠤᠯᠲᠠ ᠨᠢ ᠴᠦ ᠢᠯᠡᠭᠦᠦ᠃ ᠣᠯᠠᠨ ᠵᠢᠯ ᠳᠠᠷᠠᠭᠠᠯᠠᠨ ᠮᠠᠯᠵᠢᠬᠤ ᠪᠠᠷ ᠳᠡᠮᠵᠢᠵᠥ᠂ ᠮᠠᠨ ᠤ ᠴᠠᠬᠠᠷ ᠬᠤᠨᠢᠨ ᠤ ᠢᠬᠡᠷᠡᠯᠡᠬᠦ ᠨᠣᠷᠮ᠎ᠠ 60%᠎ ᠳᠤ ᠬᠥᠷᠪᠡ︾ ᠭᠡᠵᠦ ᠬᠠᠰᠡᠷᠳᠡᠨᠢ ᠶᠠᠷᠢᠯ᠎ᠠ᠃      ᠮᠠᠨ ᠤ ᠠᠶᠢᠮᠠᠭ ᠨᠤᠳᠤᠬ ᠤᠨ ᠴᠡᠪᠡᠷ ᠡᠬᠦᠯᠳᠡᠷ ᠤᠨ ᠮᠠᠯ ᠢᠶᠠᠨ ᠬᠠᠮᠠᠭᠠᠯᠠᠬᠤ ᠠᠵᠢᠯ ᠢ ᠴᠢᠩᠭ᠎ᠠ ᠠᠳᠬᠤᠵᠦ᠂ ᠮᠣᠩᠭᠤᠯ ᠦᠬᠡᠷ᠂ ᠮᠣᠩᠭᠤᠯ ᠠᠳᠤᠭᠤ᠂ ᠦᠵᠦᠮᠦᠴᠢᠨ ᠬᠤᠨᠢ᠂ ᠰᠥᠨᠢᠳ ᠬᠤᠨᠢ᠂ ᠦᠵᠦᠮᠦᠴᠢᠨ ᠴᠠᠭᠠᠨ ᠢᠮᠠᠭ᠎ᠠ ᠪᠠ ᠰᠥᠨᠢᠳ ᠬᠤᠣᠰ ᠪᠥᠬᠦᠲᠦ ᠲᠡᠮᠡᠭᠡ ᠵᠡᠷᠭᠡ ᠨᠢ ᠬᠠᠮᠠᠭᠠᠯᠠᠯᠳᠠ ᠶᠢᠨ ᠴᠢᠨᠠᠷᠳᠡᠢ ᠡᠬᠦᠯᠳᠡᠷ ᠤᠨ ᠮᠠᠯ ᠪᠤᠯᠪᠠ᠃ ᠡᠭᠦᠨ ᠳᠤ᠂ ᠮᠣᠩᠭᠤᠯ ᠦᠬᠡᠷ᠂ ᠮᠣᠩᠭᠤᠯ ᠠᠳᠤᠭᠤ᠂ ᠦᠵᠦᠮᠦᠴᠢᠨ ᠬᠤᠨᠢ ᠪᠠ ᠰᠥᠨᠢᠳ ᠬᠤᠨᠢ ᠨᠢ ︽ᠤᠯᠤᠰ ᠤᠨ ᠲᠠᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ︾᠎ ᠳᠤ ᠵᠢᠬᠰᠠᠭᠠᠬᠳᠠᠵᠤ᠂ ᠡᠳᠡᠭᠡᠷ ᠡᠭᠦᠯᠳᠡᠷ ᠢ ᠭᠤᠣᠯᠳᠠᠭᠤ ᠤᠤᠯ ᠭᠠᠵᠠᠷ ᠲᠤᠨᠢ ᠦᠷ᠎ᠡ ᠶᠢ ᠨᠢ ᠬᠠᠮᠠᠭᠠᠯᠠᠬᠤ᠂ ᠳᠤᠰᠬᠠᠢ ᠮᠡᠷᠭᠡᠵᠢᠯ ᠢᠶᠠᠷ ᠡᠬᠡ ᠪᠡᠶ᠎ᠠ ᠠᠴᠠ ᠨᠢ ᠰᠠᠯᠭᠠᠵᠤ ᠬᠠᠮᠠᠭᠠᠯᠠᠬᠤ ᠠᠷᠭ᠎ᠠ ᠵᠠᠮ ᠢᠶᠠᠷ ᠬᠠᠮᠠᠭᠠᠯᠠᠯᠲᠠ ᠶᠢᠨ ᠣᠷᠣᠨ᠂ ᠡᠬᠦᠯᠳᠡᠷ ᠬᠠᠮᠠᠭᠠᠯᠠᠬᠤ ᠲᠠᠯᠠᠪᠠᠢ ᠪᠠᠶᠢᠭᠤᠯᠵᠤ ᠡᠬᠦᠯᠳᠡᠷ ᠤᠨ ᠴᠡᠪᠡᠷ ᠪᠠᠶᠢᠬᠤ ᠶᠢ ᠪᠠᠳᠤᠯᠠᠵᠤ ᠪᠤᠢ᠃      ᠤᠶᠢᠯᠠᠭᠠᠬᠰᠠᠨ ᠢᠶᠠᠷ᠂ ᠤᠳᠤᠬᠠᠨ ᠳᠤ ᠮᠠᠨ ᠤ ᠠᠶᠢᠮᠠᠭ ᠲᠤ ᠤᠯᠤᠰ ᠤᠨ ᠳᠡᠰ ᠤᠨ ᠭᠤᠤᠯᠳᠠᠯᠭᠠᠳᠤ ᠡᠬᠦᠯᠳᠡᠷ ᠪᠤᠶᠢᠵᠢᠭᠤᠯᠬᠤ ᠳᠠᠯᠠᠪᠠᠢ 4 ︵ᠡᠬᠦᠨ ᠳᠤ ᠮᠢᠠᠬᠨ ᠤ ᠦᠬᠡᠷ ᠤᠨ 3᠂ ᠮᠢᠬᠠᠨ ᠤ ᠬᠤᠨᠢᠨ ᠤ 1︶᠂ ᠤᠯᠤᠰ ᠤᠨ ᠳᠡᠰ ᠤᠨ ᠡᠬᠦᠯᠳᠡᠷ ᠬᠠᠮᠠᠭᠠᠯᠠᠬᠤ ᠳᠠᠯᠠᠪᠠᠢ 2 ︵ᠰᠦᠨᠢᠳ ᠬᠤᠨᠢ᠂ ᠦᠵᠤᠮᠤᠴᠢᠨ ᠬᠤᠨᠢ︶᠂ ᠦᠪᠡᠷᠳᠡᠭᠡᠨ ᠵᠠᠰᠠᠬᠤ ᠤᠷᠤᠨ ᠤ ᠳᠡᠰ ᠤᠨ ᠭᠤᠤᠯᠳᠠᠯᠭᠠᠳᠤ ᠡᠬᠦᠯᠳᠡᠷ ᠪᠤᠶᠢᠵᠢᠭᠤᠯᠬᠤ ᠳᠠᠯᠠᠪᠠᠢ 5᠂ ᠠᠶᠢᠮᠠᠭ ᠤᠨ ᠳᠡᠰ ᠤᠨ ᠦᠷ᠎ᠠ ᠶᠢᠨ ᠮᠠᠯ ᠤᠨ ᠳᠠᠯᠠᠪᠠᠢ 27᠂ ᠦᠬᠡᠷ ᠤᠨ ᠭᠤᠤᠯᠳᠠᠯᠭᠠᠳᠤ ᠰᠦᠷᠦᠭ 345᠂ ᠭᠤᠤᠯᠳᠠᠯᠭᠠᠳᠤ ᠦᠷ᠎ᠠ ᠶᠢᠨ ᠮᠠᠯ ᠤᠨ ᠳᠠᠯᠠᠪᠠᠢ 10᠂ ᠦᠷᠭᠡᠳᠬᠡᠨ ᠦᠷᠡᠵᠢᠬᠦᠯᠬᠦ ᠳᠠᠯᠠᠪᠠᠢ 110᠂ ᠭᠤᠤᠯᠳᠠᠯᠭᠠᠳᠤ ᠰᠦᠷᠦᠭ 1500᠎ ᠶᠢ ᠪᠠᠶᠢᠭᠤᠯᠵᠤ᠂ ︽ᠦᠷ᠎ᠠ ᠶᠢᠨ ᠮᠠᠯ ᠤᠨ ᠳᠠᠯᠠᠪᠠᠢ ᠪᠠᠷ ᠭᠤᠤᠯ ᠪᠤᠯᠭᠠᠵᠤ᠂ ᠦᠷᠭᠡᠳᠬᠡᠨ ᠦᠷᠡᠵᠢᠬᠦᠯᠬᠦ ᠳᠠᠯᠠᠪᠠᠢ ᠪᠠᠷ ᠨᠦᠬᠦᠪᠦᠷᠢ ᠪᠤᠯᠭᠠᠨ᠂ ᠭᠤᠤᠯᠳᠠᠯᠭᠠᠳᠤ ᠰᠦᠷᠦᠭ ᠢᠶᠠᠷ ᠳᠤᠯᠭᠠᠭᠤᠷᠢᠯᠠᠭᠤᠯᠬᠤ︾ ᠦᠬᠡᠷ ᠬᠤᠨᠢᠨ ᠤ ᠡᠬᠦᠯᠳᠡᠷ ᠪᠤᠶᠢᠵᠢᠭᠤᠯᠬᠤ  ᠰᠢᠰᠲ᠋ᠧᠮ ᠢ ᠦᠨᠳᠤᠰᠤᠨ ᠳᠡᠭᠡᠨ ᠪᠦᠷᠢᠯᠳᠦᠭᠦᠯᠵᠠᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号