ᠲᠢᠩ · ᠪᠠᠭᠠᠳᠤᠷ ᠮᠠᠯᠴᠢᠨ ᠳᠦᠮᠡᠨ ᠳᠡᠭᠡᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠯ᠎ᠠ
ᠨᠡᠶᠢᠲᠡᠯᠡᠭᠰᠡᠨ ᠴᠠᠭ᠄
2024/4/9
     ᠤᠷᠢᠬᠠᠨ ᠬᠠᠪᠤᠷ ᠤᠨ ᠡᠭᠡᠯᠢᠳᠦ ᠨᠠᠷᠠᠨ ᠤ ᠳᠤᠶᠠᠭᠠᠨ ᠳᠤ ᠰᠢᠯᠢ ᠶᠢᠨ ᠭᠤᠤᠯ ᠤᠨ ᠳᠠᠯ᠎ᠠ ᠨᠤᠳᠤᠭ ᠲᠤ ᠠᠮᠢᠯᠠᠯ ᠪᠠᠳᠠᠷᠠᠯ ᠤᠨ ᠦᠡᠭᠭᠡ ᠪᠢᠯᠬᠠᠨ᠎ᠠ᠃ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠠᠪᠠᠭ᠎ᠠ ᠬᠤᠰᠢᠭᠤᠨ ᠤ ᠬᠤᠨᠭ᠍ᠭᠤᠷᠭᠤᠤᠯ ᠪᠠᠯᠭᠠᠰᠤᠨ ᠤ ᠰᠠᠷᠠᠭᠤᠯᠳᠤᠶᠠᠭ᠎ᠠ ᠭᠠᠴᠠᠭᠠᠨ ᠤ ᠤᠤᠯ ᠤᠨ ᠨᠠᠮ ᠤᠨ ᠡᠬᠦᠷ ᠤᠨ ᠱᠦᠵᠢ ᠲᠢᠩ · ᠪᠠᠭᠠᠳᠤᠷ ᠲᠤᠰᠢᠶᠠᠯ ᠬᠠᠷᠢᠭᠤᠴᠠᠯᠭ᠎ᠠ ᠪᠠᠨ ᠠᠮᠵᠢᠯᠳᠠ ᠲᠠᠢ ᠪᠡᠶᠡᠯᠡᠬᠦᠯᠵᠤ᠂ ᠨᠤᠲᠤᠭ ᠲᠠᠭᠠᠨ ᠪᠤᠴᠠᠵᠦ ᠢᠷᠡᠮᠡᠭᠴᠡ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠮᠠᠯᠴᠢᠨ ᠲᠦᠮᠡᠨ ᠳᠡᠭᠡᠨ ᠰᠠᠶᠢᠳᠤᠷ ᠤᠬᠠᠭᠤᠯᠤᠯ᠎ᠠ᠃      ︽ᠡᠨᠡ ᠵᠢᠯ ᠪᠤᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ᠮᠦᠨᠴᠦ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠪᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠨᠠᠷᠢᠨ ᠬᠢᠨᠠᠮᠠᠭᠠᠢ ᠰᠣᠨᠣᠰᠴᠠᠢ᠂ ᠮᠢᠨᠤ ᠬᠤᠪᠢ ᠳᠤ ᠶᠡᠭᠡ ᠵᠤᠷᠢᠬᠵᠢᠨ᠂ ᠪᠠᠶᠠᠯᠢᠭ ᠣᠯᠣᠯᠲᠠ ᠲᠠᠢ ᠪᠤᠴᠠᠵᠦ ᠢᠷᠡᠯ᠎ᠠ︾ ᠭᠡᠵᠦ ᠲᠢᠩ · ᠪᠠᠭᠠᠲᠤᠷ ᠶᠠᠷᠢᠨ᠎ᠠ᠃ ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠲᠢᠩ · ᠪᠠᠭᠠᠲᠤᠷ ᠲᠠᠯ᠎ᠠ ᠨᠤᠲᠤᠭ ᠲᠤ ᠦᠨᠳᠦᠰᠦᠯᠡᠭᠰᠡᠨ ᠣᠯᠠᠨ ᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠦᠬᠦᠮ ᠣᠶᠢᠯᠠᠭᠠᠮᠵᠢᠲᠠᠢ ᠪᠠᠷ ᠮᠠᠯᠴᠢᠨ ᠲᠦᠮᠡᠨ ᠳᠡᠭᠡᠨ ᠤᠯᠠᠮᠵᠢᠯᠠᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾᠂ ︽ᠠᠮᠢ ᠠᠬᠤᠢ ᠶᠢ ᠬᠠᠮᠠᠭᠠᠯᠠᠬᠤ︾᠂ ︽ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ︾ ᠵᠡᠷᠭᠡ ᠪᠣᠯ ᠲᠡᠬᠦᠨ ᠤ ᠤᠬᠠᠭᠤᠯᠤᠨ ᠲᠠᠶᠢᠯᠪᠤᠷᠢᠯᠠᠯᠲᠠ ᠳᠤᠮᠳᠠ ᠬᠠᠮᠤᠭ ᠤᠨ ᠤᠯᠠᠨ ᠶᠠᠷᠢᠬᠳᠠᠬᠰᠠᠨ ᠵᠦᠢᠯ ᠪᠣᠯᠣᠨ᠎ᠠ᠃      ︽ᠠᠬᠠᠮᠠᠳ ᠱᠦᠵᠢ ᠪᠡᠶ᠎ᠠ ᠪᠠᠷ ᠢᠶᠠᠨ ᠪᠡᠬᠡᠵᠢᠩ ᠳᠤ ᠬᠦᠷᠴᠤ ᠮᠠᠯᠴᠢᠨ ᠲᠦᠮᠡᠨ ᠤ ᠰᠡᠳᠬᠢᠯ ᠤᠨ ᠲᠠᠭᠤᠨ ᠢ ᠬᠤᠶᠠᠷ ᠬᠤᠷᠠᠯ ᠳᠤ ᠳᠠᠮᠵᠢᠭᠤᠯᠵᠦ᠂ ᠪᠡᠭᠡᠵᠢᠩ ᠠᠴᠠ ᠪᠠᠰᠠ ᠰᠠᠶᠢᠬᠠᠨ ᠴᠢᠮᠡᠭᠡ ᠡᠪᠴᠢᠷᠠᠯ᠎ᠠ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠣᠳᠣᠬᠢᠴᠢᠯᠠᠭᠰᠠᠨ ᠮᠠᠯ  ᠠᠵᠤ  ᠠᠬᠤᠢ  ᠶᠢᠨ  ᠲᠤᠬᠠᠢ ᠣᠶᠢᠯᠠᠭᠠᠭᠳᠠᠬᠤᠨ ᠨᠢ ᠠᠯᠢ ᠡᠷᠲᠡ ᠬᠥᠮᠥᠰ ᠤᠨ ᠰᠡᠳᠬᠢᠯ ᠳᠤ ᠬᠦᠨ ᠬᠠᠳᠠᠩᠰᠢᠵᠤ᠂ ᠮᠠᠨ ᠤ ᠣᠷᠣᠰᠢᠨ ᠠᠮᠢᠳᠤᠷᠠᠵᠤ ᠪᠠᠶᠢᠭ᠎ᠠ ᠨᠤᠲᠤᠭ ᠤᠯᠠᠮ ᠠᠴᠠ ᠤᠯᠠᠮ ᠰᠠᠶᠢᠵᠢᠷᠠᠵᠥ ᠪᠠᠶᠢᠨ᠎ᠠ᠂ ᠪᠢ ᠬᠤᠶᠢᠰᠢᠳᠠ ᠶᠢᠨ ᠠᠮᠢᠳᠤᠷᠠᠯ ᠳᠠᠭᠠᠨ ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠨ᠎ᠠ︾ ᠭᠡᠵᠦ ᠲᠢᠩ · ᠪᠠᠭᠠᠲᠤᠷ ᠤᠨ ᠤᠬᠠᠭᠤᠯᠤᠨ ᠲᠠᠶᠢᠯᠪᠤᠷᠢᠯᠠᠯᠲᠠ ᠶᠢ ᠰᠣᠨᠣᠰᠤᠭᠰᠠᠨ ᠠᠪᠠᠭ᠎ᠠ ᠬᠤᠰᠢᠭᠤᠨ ᠤ ᠬᠤᠨᠭ᠍ᠭᠤᠷᠭᠤᠤᠯ ᠪᠠᠯᠭᠠᠰᠤᠨ ᠤ ᠰᠠᠷᠠᠭᠤᠯᠳᠤᠶᠠᠭ᠎ᠠ ᠭᠠᠴᠠᠭᠠᠨ ᠤ ᠮᠠᠯᠴᠢᠨ ᠶᠦᠨ ᠯᠢᠶᠠᠩ ᠰᠡᠳᠬᠢᠯ ᠳᠣᠭᠳᠣᠯᠤᠨ ᠶᠠᠷᠢᠨ᠎ᠠ᠃      ︽ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠲᠢᠩ · ᠪᠠᠭᠠᠲᠤᠷ ᠤᠨ ᠤᠬᠠᠭᠤᠯᠤᠨ ᠲᠠᠶᠢᠯᠪᠤᠷᠢᠯᠠᠯᠲᠠ ᠶᠢ ᠰᠤᠨᠤᠰᠤᠭᠠᠳ ᠭᠠᠴᠠᠭᠠᠨ ᠤ ᠪᠠᠨ ᠢᠷᠡᠭᠡᠳᠤᠢ ᠳᠤ ᠤᠯᠠᠮ ᠢᠲᠡᠭᠡᠯ ᠲᠡᠭᠦᠯᠳᠡᠷ ᠪᠤᠯᠵᠠᠢ᠂ ᠡᠬᠦᠨ ᠠᠴᠠ ᠬᠤᠶᠢᠰᠢᠳᠠ ᠪᠢᠳᠡ ᠮᠢᠬᠠᠨ ᠤ ᠦᠬᠡᠷ ᠤᠨ ᠠᠵᠤ ᠦᠢᠯᠡᠰ ᠢ ᠬᠦᠭᠵᠢᠬᠦᠯᠬᠦ ᠵᠠᠮ ᠢᠶᠠᠷ ᠵᠤᠷᠢᠬᠳᠡᠢ ᠵᠠᠮᠨᠠᠵᠦ᠂ ᠮᠠᠯᠴᠢᠳ ᠤᠨ ᠢᠶᠠᠨ ᠠᠮᠢᠳᠤᠷᠠᠯ ᠢ ᠴᠢᠨᠡᠭᠡᠯᠢᠭᠵᠢᠬᠦᠯᠬᠦ ᠪᠠᠷ ᠴᠢᠷᠮᠠᠶᠢᠬᠤ ᠶᠢᠨ ᠬᠠᠮᠳᠤ ᠨᠤᠳᠤᠬ ᠤᠰᠦᠨ ᠤ ᠪᠠᠨ ᠠᠮᠢ ᠠᠬᠤᠢ ᠶᠢ ᠰᠠᠶᠢᠳᠤᠷ ᠬᠠᠮᠠᠭᠠᠯᠠᠠ᠂ ᠨᠤᠲᠤᠭ ᠤᠰᠦ ᠪᠠᠨ ᠤᠯᠠᠮ ᠦᠵᠡᠰᠭᠦᠯᠡᠩᠳᠤ ᠰᠠᠶᠢᠬᠠᠨ ᠪᠤᠯᠭᠠᠨ ᠪᠦᠲᠦᠭᠡᠨ ᠪᠠᠶᠢᠭᠤᠯᠤᠨ᠎ᠠ︾ ᠭᠡᠵᠤ ᠳᠤᠰ ᠭᠠᠴᠠᠭᠠᠨ ᠤ ᠨᠠᠮ ᠤᠨ ᠡᠬᠦᠷ ᠤᠨ ᠱᠦᠵᠢ᠂ ᠠᠷᠠᠳ ᠤᠨ ᠵᠦᠪᠯᠡᠯ ᠤᠨ ᠡᠷᠬᠢᠯᠡᠭᠴᠢ ᠳᠡᠮᠦᠷᠬᠦᠤ ᠢᠯᠡᠷᠬᠡᠶᠢᠯᠡᠯ᠎ᠠ᠃ ᠤᠶᠢᠷ᠎ᠠ ᠶᠢᠨ ᠵᠢᠯ ᠠᠴᠠ᠂ ᠳᠤᠰ ᠭᠠᠴᠠᠭ᠎ᠠ ᠨᠢ ᠮᠢᠠᠬᠨ ᠤ ᠦᠬᠡᠷ ᠢ ᠰᠢᠨᠵᠢᠯᠡᠬᠦ ᠤᠬᠠᠭᠠᠨᠴᠢ ᠪᠠᠷ ᠳᠡᠵᠢᠬᠡᠨ ᠦᠷᠡᠵᠢᠬᠦᠯᠬᠦ ᠠᠴᠠ ᠡᠬᠢᠯᠡᠭᠡᠳ ᠮᠢᠬ᠎ᠠ ᠰᠦ ᠶᠢ ᠡᠳ᠋ᠰᠢᠬᠦᠯᠬᠦ ᠠᠵᠤ ᠦᠢᠯᠡᠰ ᠢ ᠬᠦᠭᠵᠢᠬᠦᠯᠬᠦ ᠳᠡᠷᠡᠴᠢᠯᠡᠨ ᠤᠳᠤᠬᠢᠴᠢᠯᠠᠬᠰᠠᠨ ᠰᠢᠨ᠎ᠠ ᠮᠠᠯᠵᠢᠬᠤ ᠤᠷᠤᠨ ᠢ ᠪᠦᠳᠤᠭᠡᠨ ᠪᠠᠶᠢᠭᠤᠯᠬᠤ ᠬᠦᠷᠳᠡᠯ᠎ᠠ ᠭᠠᠴᠠᠭᠠᠨ ᠤ ᠪᠠᠨ ᠮᠠᠯᠴᠢᠳ ᠢ ᠲᠠᠶᠢᠴᠢᠯᠠᠨ ᠠᠮᠢ ᠠᠬᠤᠢ ᠪᠠᠨ ᠬᠠᠮᠠᠭᠠᠯᠠᠬᠤ ᠪᠠ ᠪᠠᠶᠠᠵᠢᠨ ᠴᠢᠨᠡᠭᠡᠯᠢᠭᠵᠢᠬᠦ ᠬᠤᠤᠰ ᠦᠷ᠎ᠠ ᠠᠰᠢᠬ ᠬᠦᠷᠲᠡᠬᠦ ᠵᠠᠮ ᠢᠶᠠᠷ ᠵᠤᠷᠢᠬᠲᠠᠢ ᠵᠠᠮᠨᠠᠬᠰᠠᠨ ᠪᠠᠶᠢᠨ᠎ᠠ᠃      ︽ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠪᠢ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠮᠠᠨ ᠤ ᠣᠷᠣᠰᠢᠨ ᠠᠮᠢᠳᠤᠷᠠᠵᠤ ᠪᠠᠶᠢᠭ᠎ᠠ ᠲᠠᠯ᠎ᠠ ᠨᠤᠲᠤᠭ ᠢᠶᠠᠨ ᠰᠠᠶᠢᠲᠤᠷ ᠬᠠᠮᠠᠭᠠᠯᠠᠠ᠂ ᠰᠠᠶᠢᠳᠤᠷ ᠪᠦᠲᠦᠭᠡᠨ ᠪᠠᠶᠢᠭᠤᠯᠵᠦ᠂ ᠮᠠᠯᠴᠢᠳ ᠢᠶᠠᠨ ᠤᠯᠠᠮ ᠴᠢᠨᠡᠭᠡᠯᠢᠭᠵᠢᠬᠦᠯᠬᠦ ᠪᠠᠷ ᠴᠢᠷᠮᠠᠶᠢᠨ᠎ᠠ︾ ᠭᠡᠵᠦ ᠤᠬᠠᠭᠤᠯᠤᠨ ᠲᠠᠶᠢᠯᠪᠤᠷᠢᠯᠠᠯᠲᠠ ᠳᠠᠭᠤᠰᠤᠬᠰᠠᠨ ᠤ ᠳᠠᠷᠠᠭ᠎ᠠ ᠲᠢᠩ · ᠪᠠᠭᠠᠲᠤᠷ ᠪᠢᠳᠡᠨ ᠳᠤ ᠶᠠᠷᠢᠵᠦ ᠪᠠᠶᠢᠯ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号