ᠮᠠᠯ ᠤᠨ ᠲᠡᠵᠢᠭᠡᠯ ᠪᠤᠷᠳᠤᠭ᠎ᠠ ᠶᠢ ᠲᠤᠬᠢᠷᠠᠭᠤᠯᠬᠤ ᠨᠢᠭᠤᠴᠠ ᠵᠤᠷ ᠲᠠᠢ ᠮᠠᠯᠴᠢᠨ
ᠨᠡᠶᠢᠲᠡᠯᠡᠭᠰᠡᠨ ᠴᠠᠭ᠄
2024/4/9
      ᠠᠪᠠᠭ᠎ᠠ ᠬᠤᠰᠢᠭᠤᠨ ᠤ ᠨᠠᠷᠠᠨᠪᠤᠯᠠᠭ ᠰᠤᠮᠤᠨ ᠤ ᠪᠠᠶᠠᠨᠰᠢᠯᠢ ᠭᠠᠴᠠᠭᠠᠨ ᠤ ᠮᠠᠯᠴᠢᠨ ᠰᠤᠷᠳᠠᠯᠲᠤ ᠶᠢᠨ ᠬᠢᠨ 14320 ᠮᠤ᠋ ᠨᠤᠲᠤᠭ ᠲᠠᠢ᠂ 300 ᠬᠠᠪᠳᠠᠭᠠᠢ ᠲᠦᠷᠪᠡᠯᠵᠢᠨ  ᠮᠧᠲᠷ ᠲᠠᠯᠠᠪᠠᠢ ᠪᠦᠬᠦᠢ  ᠫᠧᠩ ᠰᠠᠷᠠᠪᠴᠢ᠂ ᠲᠤᠯᠠᠭᠠᠨ ᠫᠧᠩ᠂ ᠡᠪᠡᠰᠦ ᠬᠠᠳᠠᠭᠠᠯᠠᠬᠤ  ᠫᠧᠩ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠲᠠᠢ ᠲᠦᠪᠬᠢᠨᠡᠬᠦᠨ ᠰᠠᠶᠢᠬᠠᠨ ᠠᠶᠢᠯ ᠪᠠᠶᠢᠯ᠎ᠠ᠃ ᠲᠡᠳᠡᠨ ᠤ ᠬᠢᠨ ᠢᠶᠠᠷ ᠬᠦᠷᠬᠦ ᠳᠤ᠂ ᠰᠤᠷᠳᠠᠯᠳᠤ ᠶᠠᠭ ᠥᠪᠡᠷ ᠢᠶᠠᠨ ᠨᠠᠶᠢᠷᠠᠭᠰᠠᠨ ᠬᠤᠯᠢᠮᠠᠭ ᠪᠤᠷᠳᠤᠭ᠎ᠠ ᠪᠠᠷ ᠦᠬᠡᠷ ᠢᠶᠠᠨ ᠲᠡᠵᠢᠬᠡᠵᠦ ᠪᠠᠶᠢᠬᠤ ᠲᠠᠢ ᠨᠢ ᠲᠠᠭᠠᠷᠠᠯᠳᠤᠯ᠎ᠠ᠃      ᠨᠤᠲᠤᠭ ᠪᠡᠯᠴᠢᠬᠡᠷ ᠤᠨ ᠠᠮᠢ ᠠᠬᠤᠢ ᠶᠢ ᠪᠦᠲᠦᠮᠵᠢᠲᠠᠢ ᠬᠠᠮᠠᠭᠠᠯᠠᠵᠦ᠂ ᠨᠡᠩ ᠦᠨᠳᠦᠷ ᠠᠵᠦ ᠠᠬᠤᠢ ᠶᠢᠨ ᠠᠰᠢᠭ ᠤᠷᠤᠯᠭ᠎ᠠ ᠡᠬᠦᠳᠬᠦ ᠡᠬᠦᠳᠡᠨ ᠠᠴᠠ᠂ ᠤᠶᠢᠷ᠎ᠠ ᠶᠢᠨ ᠵᠢᠯ ᠳᠤ᠂ ᠰᠤᠷᠳᠠᠯᠳᠤ ᠦᠬᠡᠷ ᠤᠨ ᠢᠶᠠᠨ ᠡᠬᠦᠯᠳᠡᠷ ᠢ ᠰᠢᠯᠢᠳᠡᠭᠵᠢᠬᠦᠯᠵᠦ᠂ ᠤᠳᠤ ᠪᠤᠯᠬᠤ ᠳᠤ 70 ᠦᠬᠡᠷ ᠨᠢ ᠴᠦᠮ  ᠰᠢᠮᠧᠨ᠋ᠲ᠋ᠠᠷ ᠡᠬᠦᠯᠳᠡᠷ ᠤᠨ ᠪᠤᠯᠤᠭᠰᠠᠨ ᠪᠠᠶᠢᠳᠠᠭ᠃ ᠲᠡᠷᠡ ᠡᠯ᠎ᠠ ᠱᠠᠲᠤᠨ ᠤ ᠮᠠᠯᠴᠢᠳ ᠤᠨ ᠮᠡᠷᠭᠡᠵᠢᠯ ᠤᠨ ᠪᠤᠯᠪᠠᠰᠤᠷᠠᠯ ᠳᠤ ᠪᠠᠶᠢᠩᠭᠤ ᠤᠷᠤᠯᠴᠠᠵᠦ᠂ ᠭᠠᠷ ᠭᠡᠭᠡᠯᠳᠦᠬᠦᠯᠭᠡ ᠵᠡᠷᠭᠡ ᠮᠠᠯ ᠠᠵᠦ ᠠᠬᠤᠢ ᠶᠢᠨ ᠭᠡᠷᠡᠭᠯᠡᠬᠡᠨ ᠤ ᠮᠡᠷᠭᠡᠵᠢᠯ ᠢ ᠰᠠᠶᠢᠲᠤᠷ ᠡᠵᠡᠮᠰᠢᠵᠦ ᠦᠢᠯᠡᠳᠦᠯᠬᠡᠵᠢᠬᠦᠯᠦᠨ᠂ ᠵᠤᠬᠢᠬᠤ ᠭᠡᠮᠵᠢᠶᠡᠨ ᠤ ᠮᠡᠷᠬᠡᠵᠢᠯ ᠤᠨ ᠲᠤᠷᠰᠢᠯᠭ᠎ᠠ ᠬᠤᠷᠠᠮᠳᠤᠭᠤᠯᠤᠭᠰᠠᠨ ᠢᠶᠠᠨ 2022 ᠤᠨ ᠳᠤ ᠥᠪᠡᠷ ᠤᠨ ᠦᠨᠢᠶᠡᠳ ᠲᠡᠭᠡᠨ ᠭᠠᠷ ᠭᠡᠭᠡᠯᠳᠦᠬᠦᠯᠭᠡ ᠬᠢᠵᠦ᠂ ᠭᠡᠭᠡᠯ ᠲᠤᠭᠳᠠᠭᠰᠠᠨ ᠨᠤᠷᠮ᠎ᠠ 95%᠎ ᠳᠤ ᠬᠦᠷᠴᠦ᠂ ᠡᠨᠡ ᠵᠢᠯ ᠪᠠᠰᠠ ᠦᠷᠬᠦᠯᠵᠢᠯᠡᠨ ᠭᠠᠷ ᠭᠡᠭᠡᠯᠳᠦᠬᠦᠯᠭᠡ ᠬᠢᠬᠦ ᠪᠠᠷ ᠲᠦᠯᠦᠪᠯᠡᠵᠦ ᠪᠤᠢ᠃      ᠰᠤᠷᠳᠠᠯᠲᠤ ᠠᠮᠢ ᠠᠬᠤᠢ ᠶᠢ ᠬᠠᠮᠠᠭᠠᠯᠠᠬᠤ᠂ ᠬᠦᠳᠡᠯᠮᠦᠷᠢ ᠬᠦᠴᠦ ᠠᠷᠪᠢᠯᠠᠬᠤ᠂ ᠦᠨᠢᠶᠡᠨ ᠤ ᠲᠠᠷᠭᠤ ᠬᠦᠴᠦ ᠶᠢ ᠪᠠᠲᠤᠯᠠᠬᠤ᠂ ᠲᠤᠭᠤᠯ ᠤᠨ ᠰᠢᠮ᠎ᠡ ᠲᠡᠵᠢᠬᠡᠯ ᠢ ᠪᠠᠲᠤᠯᠠᠬᠤ ᠵᠡᠷᠭᠡ ᠲᠠᠯ᠎ᠠ ᠪᠠᠷ ᠵᠤᠷᠢᠭᠲᠠᠢ ᠰᠦᠪᠡᠭᠴᠢᠯᠡᠯᠳᠡ ᠬᠢᠵᠦ᠂ ᠨᠢᠳᠤᠨᠤᠨ TMR ᠬᠤᠯᠢᠮᠠᠭ ᠲᠡᠵᠢᠬᠡᠯ ᠪᠤᠷᠳᠤᠭ᠎ᠠ ᠦᠢᠯᠡᠳᠪᠦᠷᠢᠯᠡᠬᠦ ᠮᠠᠰᠢᠨ ᠬᠤᠳᠠᠯᠳᠤᠨ ᠠᠪᠤᠭᠰᠠᠨ ᠪᠦᠬᠡᠳ 144 ᠲᠤᠨ ᠲᠡᠵᠢᠬᠡᠯ ᠡᠪᠡᠰᠦ ᠨᠦᠬᠡᠴᠡᠯᠡᠪᠡ᠃ ᠡᠬᠦᠨ ᠳᠤ ᠬᠤᠯᠢᠮᠠᠭ ᠲᠡᠵᠢᠬᠡᠯ ᠪᠤᠷᠳᠤᠭ᠎ᠠ ᠪᠤᠯᠪᠠᠰᠤᠷᠠᠭᠤᠯᠬᠤ ᠳᠤ ᠨᠤᠭᠤᠭᠠᠨ ᠲᠠᠷᠤᠰᠢ᠂ ᠰᠢᠰᠢ᠂ ᠨᠠᠷᠢᠮᠤ ᠶᠢᠨ ᠰᠦᠷᠡᠯ᠂ ᠯᠤᠤᠪᠠᠩ᠂ ᠡᠪᠡᠰᠦ ᠵᠡᠷᠭᠡ ᠮᠠᠲ᠋ᠧᠷᠢᠶᠠᠯ ᠢᠶᠠᠨ ᠵᠤᠬᠢᠬᠤ ᠬᠠᠷᠢᠴᠠᠯ ᠢᠶᠠᠷ ᠨᠠᠶᠢᠷᠠᠭᠰᠠᠨ ᠤ ᠳᠠᠷᠠᠭ᠎ᠠ ᠲᠤᠭᠤᠯ ᠢᠶᠠᠨ ᠲᠡᠵᠢᠬᠡᠳᠡᠭ᠃ ᠡᠳᠦᠷ ᠤᠨ ᠬᠡᠷᠡᠭᠰᠡᠬᠦ ᠲᠡᠵᠢᠬᠡᠯ ᠪᠤᠷᠳᠤᠭ᠎ᠠ ᠶᠢᠨ ᠬᠡᠮᠵᠢᠶ᠎ᠡ ᠶᠢ ᠲᠤᠬᠢᠷᠠᠮᠵᠢᠲᠠᠢ ᠪᠠᠶᠢᠯᠭᠠᠵᠦ ᠴᠢᠳᠠᠭᠰᠠᠨ ᠠᠴᠠ ᠲᠡᠵᠢᠬᠡᠯ ᠪᠤᠷᠳᠤᠭ᠎ᠠ ᠶᠢ ᠪᠦᠷᠢᠯᠭᠡᠬᠦ ᠠᠴᠠ ᠵᠠᠶᠢᠯᠠᠰᠬᠢᠵᠦ᠂ ᠨᠢᠬᠡ ᠲᠤᠭᠤᠯ ᠲᠡᠭᠡᠷ᠎ᠡ 10 ᠲᠦᠭᠦᠷᠢᠭ ᠤᠨ ᠠᠷᠠᠴᠢᠯᠠᠨ ᠲᠡᠵᠢᠬᠡᠬᠦ ᠥᠪᠡᠷ ᠤᠨ ᠦᠷᠳᠡᠭ ᠢ ᠠᠷᠪᠢᠯᠠᠵᠦ ᠴᠢᠳᠠᠭᠰᠠᠨ ᠪᠠᠶᠢᠨ᠎ᠡ᠃ ᠡᠬᠦᠨ ᠤ ᠬᠠᠮᠲᠤ᠂ ᠭᠡᠵᠢᠶ᠎ᠡ ᠴᠤ ᠭᠡᠰᠡᠨ ᠲᠡᠵᠢᠬᠡᠯ ᠪᠤᠷᠳᠤᠭᠠᠨ ᠤ ᠨᠠᠶᠢᠷᠠᠯᠭ᠎ᠠ ᠳᠤ ᠲᠤᠬᠢᠷᠠᠭᠤᠯᠤᠯᠲᠠ ᠬᠢᠵᠦ ᠪᠤᠯᠳᠠᠭ ᠠᠴᠠ ᠦᠬᠡᠷ ᠤᠨ ᠲᠠᠷᠭᠤ ᠬᠦᠴᠦ ᠶᠢ ᠪᠠᠲᠤᠯᠠᠨ᠂ ᠡᠬᠦᠯᠳᠡᠷ ᠤᠨ ᠤᠳᠤᠮᠯᠠᠨ ᠦᠷᠡᠵᠢᠬᠦ ᠴᠢᠳᠠᠪᠤᠷᠢ ᠶᠢ ᠬᠦᠢᠴᠡᠳ ᠪᠠᠳᠠᠷᠠᠭᠤᠯᠵᠦ ᠴᠢᠳᠠᠭᠰᠠᠨ ᠪᠠᠶᠢᠨ᠎ᠠ᠃ ︽ᠬᠤᠯᠢᠮᠠᠭ ᠲᠡᠵᠢᠬᠡᠯ ᠪᠤᠷᠳᠤᠭ᠎ᠠ ᠪᠠᠷ ᠲᠤᠭᠤᠯ ᠲᠡᠵᠢᠬᠡᠬᠦ ᠨᠢ ᠡᠬᠡ ᠮᠠᠯ ᠤᠨ ᠲᠠᠷᠭᠤ ᠬᠦᠴᠦ ᠪᠡ ᠰᠢᠮ᠎ᠠ ᠲᠡᠵᠢᠬᠡᠯ ᠢ ᠪᠠᠲᠤᠯᠠᠵᠦ᠂ ᠲᠤᠭᠤᠯ ᠤᠨ ᠰᠢᠩᠬᠡᠬᠡᠯᠳᠡ ᠶᠢᠨ ᠰᠢᠰᠲ᠋ᠧᠮ ᠤᠨ ᠪᠤᠶᠢᠵᠢᠯᠳᠠ ᠶᠢ ᠠᠬᠢᠭᠤᠯᠬᠤ᠂ ᠢᠳᠡᠰᠢᠯᠡᠬᠦ ᠴᠢᠳᠠᠪᠤᠷᠢ ᠶᠢ ᠨᠢ ᠰᠠᠶᠢᠵᠢᠷᠠᠭᠤᠯᠵᠦ ᠴᠢᠳᠠᠬᠤ ᠰᠠᠶᠢᠨ ᠲᠠᠯ᠎ᠠ ᠲᠠᠢ᠂ ᠪᠠᠰᠠ ᠲᠤᠭᠤᠯ ᠢ ᠡᠭᠡ ᠠᠴᠠ ᠨᠢ ᠰᠠᠯᠭᠠᠭᠰᠠᠨ ᠤ ᠳᠠᠷᠠᠭ᠎ᠠ ᠲᠡᠵᠢᠬᠡᠯ ᠳᠤ ᠠᠮᠠᠷᠬᠠᠨ ᠲᠠᠰᠴᠦ ᠴᠢᠳᠠᠨ᠎ᠠ︾ ᠬᠡᠵᠦ ᠰᠤᠷᠳᠠᠯᠳᠤ ᠶᠠᠷᠢᠨ᠎ᠠ᠃ ᠲᠡᠷᠡ ᠲᠤᠭᠤᠯ ᠢ 7 ᠰᠠᠷ᠎ᠠ ᠪᠤᠯᠤᠮᠠᠭᠴᠠ ᠡᠭᠡ ᠠᠴᠠ ᠨᠢ ᠰᠠᠯᠭᠠᠵᠦ᠂ ᠵᠠᠯᠭᠠᠭᠠᠳ ᠬᠤᠯᠢᠮᠠᠭ ᠲᠡᠵᠢᠬᠡᠯ ᠪᠤᠷᠳᠤᠭ᠎ᠠ ᠪᠠᠷ ᠪᠤᠷᠳᠤᠵᠦ ᠲᠡᠵᠢᠬᠡᠬᠡᠳ 2 ᠰᠠᠷ᠎ᠠ ᠶᠢᠨ ᠲᠠᠷᠠᠭ᠎ᠠ ᠵᠠᠷᠤᠴᠠᠭᠤᠯᠳᠠᠭ᠂ ᠢᠩᠬᠢᠵᠦ ᠲᠡᠵᠢᠬᠡᠬᠦ ᠳᠤ ᠲᠤᠭᠤᠯ ᠪᠦᠷᠢ ᠶᠢᠨ ᠬᠦᠨᠲᠤ ᠨᠢ ᠲᠤᠮᠳᠠᠴᠢ ᠪᠠᠷ 100 ᠵᠢᠩ ᠨᠡᠮᠡᠭᠳᠡᠵᠦ᠂ ᠠᠷᠠᠴᠢᠯᠠᠨ ᠮᠠᠯᠵᠢᠬᠤ ᠥᠪᠡᠷ ᠤᠨ ᠦᠷᠳᠡᠭ ᠢ ᠨᠢ ᠪᠠᠷᠤᠭ ᠬᠠᠭᠠᠰ ᠢᠶᠠᠷ ᠪᠠᠭᠤᠷᠠᠭᠤᠯᠳᠠᠭ᠃ ᠬᠤᠯᠢᠮᠠᠭ ᠲᠡᠵᠢᠬᠡᠯ ᠪᠤᠷᠳᠤᠭ᠎ᠠ ᠨᠠᠶᠢᠷᠠᠵᠦ᠂ ᠲᠤᠭᠤᠯ ᠲᠡᠵᠢᠬᠡᠬᠦ ᠪᠠᠷ ᠲᠠᠮᠵᠢᠭᠤᠯᠤᠨ᠂ ᠰᠤᠷᠳᠠᠯᠳᠤ ᠮᠠᠯ ᠰᠦᠷᠦᠭ ᠢ ᠨᠠᠷᠢᠯᠢᠬᠵᠢᠭᠤᠯᠤᠨ ᠲᠡᠵᠢᠬᠡᠬᠦ ᠶᠢ ᠪᠡᠶᠡᠯᠡᠬᠦᠯᠵᠦ᠂ ᠲᠤᠭᠤᠯ ᠤᠨ ᠪᠤᠶᠢᠵᠢᠯᠳᠠ ᠶᠢᠨ ᠬᠤᠷᠳᠤᠴᠠ ᠪᠠ ᠰᠢᠮ᠎ᠠ ᠲᠡᠵᠢᠬᠡᠯ ᠤᠨ ᠦᠷᠳᠡᠭ ᠢ ᠶᠡᠬᠡᠪᠡᠷ ᠲᠡᠭᠡᠭᠰᠢᠯᠡᠬᠦᠯᠦᠭᠰᠡᠨ ᠪᠠᠶᠢᠳᠠᠭ᠃ ᠨᠢᠳᠤᠨᠤᠨ ᠮᠠᠯ ᠤᠨ ᠦᠨ᠎ᠠ ᠬᠢᠮᠳᠠ᠂ ᠡᠪᠡᠰᠦ ᠪᠤᠷᠳᠤᠭᠠᠨ ᠤ ᠦᠨ᠎ᠠ ᠬᠠᠩᠰᠢ ᠦᠨᠳᠦᠷ ᠪᠠᠶᠢᠳᠠᠯ ᠲᠤᠤᠷ᠎ᠠ᠂ ᠰᠤᠷᠳᠠᠯᠳᠤ 40 ᠲᠤᠭᠤᠯ ᠢᠶᠠᠨ ᠲᠡᠭᠰᠢᠳᠭᠡᠭᠡᠳ 8000 ᠲᠦᠭᠦᠷᠢᠭ ᠢᠶᠠᠷ ᠵᠠᠷᠤᠵᠦ᠂ 30 ᠭᠠᠷᠤᠢ ᠲᠦᠮᠡᠨ ᠲᠦᠭᠦᠷᠢᠭ ᠤᠨ ᠤᠷᠤᠯᠭ᠎ᠠ ᠡᠬᠦᠳᠦᠭᠰᠡᠨ ᠪᠠᠶᠢᠨ᠎ᠠ᠃      ︽ᠤᠳᠤᠬᠠᠨ ᠤ ᠮᠠᠯ ᠤᠨ ᠦᠨ᠎ᠡ ᠬᠠᠩᠰᠢ ᠲᠤᠭᠳᠠᠪᠤᠷᠢ ᠦᠬᠡᠢ᠂ ᠡᠪᠡᠰᠦ ᠪᠤᠷᠳᠤᠭᠠᠨ ᠤ ᠦᠨ᠎ᠡ ᠲᠠᠰᠤᠷᠠᠯᠳᠠ ᠦᠬᠡᠢ ᠦᠰᠴᠦ ᠪᠠᠶᠢᠭ᠎ᠠ ᠪᠠᠶᠢᠳᠠᠯ ᠲᠤᠤᠷ᠎ᠠ᠂ ᠬᠤᠯᠢᠮᠠᠭ ᠲᠡᠵᠢᠬᠡᠯ ᠪᠤᠷᠳᠤᠭ᠎ᠠ ᠨᠠᠶᠢᠷᠠᠵᠦ ᠭᠡᠷᠡᠭᠯᠡᠬᠦ ᠨᠢ ᠮᠠᠯ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠪᠠ ᠤᠷᠤᠯᠭ᠎ᠠ ᠪᠠᠨ ᠨᠡᠮᠡᠭᠳᠡᠬᠦᠯᠬᠦ ᠳᠤ ᠵᠤᠬᠢᠬᠤ ᠰᠠᠭᠤᠷᠢ ᠲᠠᠯᠪᠢᠵᠦ ᠦᠭᠭᠦ ᠨᠢ ᠯᠠᠪᠳᠠᠢ︾ ᠬᠡᠵᠦ ᠰᠤᠷᠳᠠᠯᠲᠤ ᠥᠪᠡᠷ ᠤᠨ ᠪᠤᠳᠤᠯ ᠢᠶᠠᠨ ᠶᠠᠷᠢᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号