ᠪᠥᠵᠢᠭᠲᠦ ᠵᠦᠴᠦᠭᠡ ︽ᠮᠣᠷᠢᠲᠤ ᠴᠡᠷᠢᠭ︾ ᠡᠬᠡ ᠣᠷᠣᠨᠴᠢ ᠬᠠᠶᠢᠷ᠎ᠠ ᠰᠡᠳᠬᠢᠯᠭᠡ ᠶᠢ ᠤᠯᠠᠮᠵᠢᠯᠠᠨ᠎ᠠ
ᠨᠡᠶᠢᠲᠡᠯᠡᠭᠰᠡᠨ ᠴᠠᠭ᠄
2024/4/9
     ᠲᠦᠷᠦᠬᠦᠬᠡᠨ᠂ ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠵᠣᠬᠢᠶᠠᠨ ᠪᠦᠲᠦᠭᠡᠭᠰᠡᠨ ᠪᠥᠵᠢᠭᠲᠦ ᠵᠦᠴᠦᠭᠡ ︽ᠮᠣᠷᠢᠲᠤ ᠴᠡᠷᠢᠭ︾᠎ ᠤᠨ 110 ᠳ᠋ᠤᠭᠠᠷ ᠲᠠᠯᠠᠪᠠᠶ ᠲᠣᠭᠯᠠᠯᠲᠠ ᠴᠢᠩᠬᠤᠸᠠ ᠶᠡᠭᠡ ᠰᠤᠷᠭᠠᠭᠤᠯᠢ ᠳᠤ ᠶᠠᠪᠤᠭᠳᠠᠵᠤ᠂ ᠪᠠᠭᠰᠢ ᠤᠶᠤᠳᠠᠨ ᠳᠤ ᠰᠡᠳᠬᠢᠯ ᠳᠣᠭᠳᠣᠯᠤᠭᠤᠯᠤᠮ᠎ᠠ ᠮᠣᠷᠢᠲᠤ ᠴᠡᠷᠢᠭ ᠤᠨ ᠦᠯᠢᠭᠡᠷ᠂ ᠬᠠᠷᠠᠮ ᠦᠭᠡᠢ ᠬᠤᠪᠢ ᠨᠡᠮᠡᠷᠢ ᠦᠵᠡᠭᠦᠯᠬᠦ ᠡᠬᠡ ᠣᠷᠣᠨᠴᠢ ᠬᠠᠶᠢᠷ᠎ᠠ ᠰᠡᠳᠬᠢᠯᠭᠡ ᠶᠢ ᠳᠤᠬᠯᠠᠨ ᠦᠵᠡᠬᠦᠯᠦᠭᠰᠡᠨ ᠪᠠᠶᠢᠨ᠎ᠠ᠃      ︽ᠪᠥᠵᠢᠭ ᠤᠨ ᠨᠠᠶᠢᠷᠠᠭᠤᠯᠭ᠎ᠠ᠂ ᠳᠠᠶᠢᠰᠠᠨ ᠤ ᠤᠷᠠᠯᠠᠯ᠂ ᠳᠠᠭᠤᠤ ᠬᠥᠭᠵᠢᠮ ᠪᠦᠷ ᠲᠡᠭᠦᠯᠳᠡᠷ ᠰᠠᠶᠢᠬᠠᠨ ᠪᠣᠯᠵᠠᠢ᠂ ᠦᠨᠡᠬᠡᠷ ᠰᠡᠳᠬᠢᠯ ᠬᠥᠳᠡᠯᠭᠡᠮ᠎ᠡ ᠦᠯᠢᠭᠡᠷ ᠪᠠᠶᠢᠵᠦ᠂ ᠬᠦᠮᠦᠨ ᠤ ᠪᠠᠭ᠋ᠠᠷᠬᠠᠯ ᠢ ᠳᠠᠳᠠᠨ᠎ᠠ︾ ᠭᠡᠵᠦ ᠴᠢᠩᠬᠤᠸᠠ ᠶᠡᠭᠡ ᠰᠤᠷᠭᠠᠭᠤᠯᠢ ᠶᠢᠨ ᠤᠷᠠᠯᠢᠭ ᠬᠥᠮᠦᠵᠢᠯ ᠤᠨ ᠲᠥᠪ ᠤᠨ ᠪᠥᠵᠢᠭ ᠤᠨ ᠪᠠᠭᠰᠢ ᠵᠠᠩ ᠸᠧᠢ ᠳ᠋ᠣᠣ ᠲᠤᠬᠠᠢ ᠶᠢᠨ ᠲᠠᠯᠠᠪᠠᠶ ᠶᠢᠨ ᠦᠵᠡᠭᠴᠢᠳ ᠤᠨ ᠰᠡᠳᠬᠢᠯ ᠤᠨ ᠲᠠᠭᠤᠨ ᠢ ᠳᠠᠮᠵᠢᠭᠤᠯᠤᠨ᠎ᠠ᠃ ᠪᠥᠵᠢᠭᠲᠦ ᠵᠦᠴᠦᠭᠡ ︽ᠮᠣᠷᠢᠲᠤ ᠴᠡᠷᠢᠭ︾ ᠪᠤᠯ ᠬᠦᠮᠦᠨ ᠬᠢᠭᠡᠳ ᠬᠦᠯᠦᠭ ᠤᠨ ᠵᠠᠩ ᠠᠷᠠᠨᠰᠢᠨ ᠢ ᠲᠤᠰᠬᠠᠨ᠂ ᠬᠥᠮᠥᠨ ᠤ ᠴᠢᠨᠠᠷ ᠤᠨ ᠭᠤᠸ᠎ᠠ ᠰᠠᠶᠢᠬᠠᠨ᠂ ᠲᠦᠮᠡᠨ ᠪᠣᠳᠠᠰ ᠤᠨ ᠡᠶ᠎ᠡ ᠵᠣᠬᠢᠴᠠᠯ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠤᠨ ᠲᠤᠬᠠᠢ ᠬᠦᠰᠡᠯ ᠡᠷᠡᠮᠡᠯᠵᠡᠯ ᠢ ᠲᠤᠰᠬᠠᠵᠦ᠂ ᠦᠨᠡᠨᠴᠢ ᠰᠢᠳᠤᠷᠭᠤ ᠡᠷᠡᠯᠬᠡᠭ ᠪᠠᠭᠠᠲᠤᠷᠯᠢᠭ ᠠᠷᠠᠳ ᠤᠨ ᠮᠣᠷᠢᠲᠤ ᠴᠡᠷᠢᠭ ᠲᠤ ᠬᠦᠨᠳᠦᠳᠬᠡᠯ ᠳᠡᠪᠰᠢᠭᠦᠯᠬᠦ ᠶᠢ ᠵᠣᠷᠢᠭᠰᠠᠨ ᠪᠦᠲᠦᠭᠡᠯ ᠪᠤᠯᠬᠤ ᠶᠤᠮ᠃ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠳᠠᠷᠤᠭ᠎ᠠ ᠯᠢ ᠯᠢ᠄ ︽ᠪᠥᠵᠢᠭᠲᠦ ᠵᠦᠴᠦᠭᠡ ︿ᠮᠣᠷᠢᠲᠤ ᠴᠡᠷᠢᠭ﹀ ᠪᠣᠯ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠠᠮᠢᠳᠤᠯᠢᠭ ᠵᠢᠭᠠᠬᠤ ᠮᠠᠲ᠋ᠧᠷᠢᠶᠠᠯ ᠮᠥᠨ᠃ ᠪᠢᠳᠡ ᠪᠥᠵᠢᠭᠲᠦ ᠵᠦᠴᠦᠭᠡ ︿ᠮᠣᠷᠢᠲᠤ ᠴᠡᠷᠢᠭ﹀᠎ ᠢ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠳᠤ ᠲᠣᠭᠤᠷᠢᠨ ᠲᠣᠭᠯᠠᠬᠤ ᠪᠠᠷ ᠲᠣᠬᠢᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠤᠷᠠᠯᠢᠭ ᠤᠨ ᠷᠢᠳᠢ ᠰᠢᠳᠢ ᠶᠢ ᠤᠬᠠᠭᠤᠯᠤᠨ ᠳᠡᠯᠭᠡᠷᠡᠬᠦᠯᠬᠦ ᠶᠢ ᠵᠤᠷᠢᠪᠠ︾ ᠭᠡᠵᠦ ᠬᠡᠯᠡᠨ᠎ᠠ᠃      ᠲᠤᠰ ᠪᠦᠳᠦᠭᠡᠯ ᠢ ᠥᠪᠥᠷ ᠮᠣᠩᠭᠤᠯ ᠤᠨ ᠤᠷᠠᠯᠢᠭ ᠵᠦᠴᠦᠭᠡ ᠢᠢᠨ ᠬᠦᠷᠢᠶᠡᠯᠡᠩ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠯᠳᠠᠷᠲᠤ ᠤᠷᠠᠯᠢᠭᠴᠢᠨ ᠪᠤᠯᠤᠨ ᠮᠣᠷᠢᠲᠤ ᠴᠡᠷᠢᠭ ᠤᠨ ᠬᠤᠪᠢᠰᠬᠠᠯ ᠤᠨ ᠲᠡᠦᠬᠡᠴᠢᠨ ᠢ ᠤᠷᠢᠵᠤ ᠬᠦᠴᠦ ᠳᠠᠯᠪᠢᠨ ᠵᠣᠬᠢᠶᠠᠨ ᠪᠦᠲᠦᠭᠡᠭᠰᠡᠨ᠂ ᠠᠷᠠᠳ ᠤᠨ ᠮᠣᠷᠢᠲᠤ ᠴᠡᠷᠢᠭ ᠤᠨ ᠨᠠᠮ ᠳᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ᠂ ᠤᠯᠤᠰ ᠤᠨ ᠢᠶᠠᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠠᠮᠢ ᠪᠡᠶ᠎ᠡ ᠪᠠᠨ ᠦᠷᠡᠭᠳᠡᠭᠦᠯᠦᠭᠰᠡᠨ ᠡᠬᠡ ᠣᠷᠣᠨᠴᠢ ᠬᠠᠶᠢᠷ᠎ᠠ ᠰᠡᠳᠬᠢᠯᠭᠡ ᠪᠠ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠬᠦᠯᠦᠭᠰᠡᠨ ᠢᠶᠠᠷ ᠨᠡᠷ᠎ᠠ ᠨᠦᠯᠦᠭᠡ  ᠶᠡᠬᠡᠳᠡᠢ  ᠰᠤᠳᠤᠨ  ᠪᠦᠳᠦᠭᠡᠯ  ᠪᠤᠯᠵᠦ᠂ ᠮᠠᠰᠢ ᠤᠯᠠᠨ  ᠢᠷᠠᠭᠤ ᠠᠯᠳᠠᠷ᠂ ᠱᠠᠩᠨᠠᠯ ᠬᠦᠬᠢᠬᠦᠯᠦᠯ ᠲᠤᠰᠴᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号