ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠪᠦᠬᠦ ᠨᠠᠮ ᠳᠤ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/4/9
     ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠥᠨᠥᠬᠡᠨ ︽ᠪᠦᠬᠦ ᠨᠠᠮ ᠳᠤ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠠᠢ᠃      ︽ᠮᠡᠳᠡᠭᠳᠡᠯ︾ ᠳᠤ ᠵᠢᠭᠠᠬᠤ ᠳᠠᠭᠠᠨ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠣᠯᠭᠤᠬᠤ ᠳᠦᠷᠢᠮ︾ ᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ ᠨᠠᠮ ᠤᠨ ᠲᠥᠪ ᠬᠤᠷᠢᠶᠠᠨ ᠤ ᠵᠥᠪᠰᠢᠶᠡᠷᠡᠯ ᠲᠠᠢ ᠪᠠᠷ᠂ 2024 ᠣᠨ ᠤ 4 ᠳ᠋ᠦ᠋ᠭᠡᠷ ᠰᠠᠷ᠎ᠠ ᠠᠴᠠ 7 ᠳ᠋ᠤᠭᠠᠷ ᠰᠠᠷ᠎ᠠ ᠪᠣᠯᠲᠠᠯ᠎ᠠ ᠪᠦᠬᠦ ᠨᠠᠮ ᠳᠤ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠬᠦ ᠪᠣᠯᠣᠨ᠎ᠠ ᠭᠡᠵᠡᠢ᠃      ︽ᠮᠡᠳᠡᠭᠳᠡᠯ︾ ᠳᠤ ᠲᠣᠳᠣᠷᠬᠠᠶᠢᠯᠠᠬᠤ ᠳᠠᠭᠠᠨ᠂ ᠰᠢ ᠶᠢᠨ ᠫᠢᠩ ᠤᠨ ᠰᠢᠨ᠎ᠡ ᠶᠢᠨ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠵᠠᠷᠢᠮ ᠨᠠᠮ ᠤᠨ ᠭᠡᠰᠢᠭᠦᠨ ᠺᠠᠳ᠋ᠷᠴᠤᠤᠠ ᠤᠨ ᠨᠠᠮ   ᠤᠨ  ᠳᠦᠷᠢᠮ  ᠨᠠᠮ   ᠤᠨ  ᠰᠠᠬᠢᠯᠭ᠎ᠠ ᠳᠤ ᠰᠡᠳᠬᠢᠯ ᠲᠠᠯᠪᠢᠬᠤ ᠦᠭᠡᠢ᠂ ᠣᠶᠢᠯᠠᠭᠠᠬᠤ ᠦᠭᠡᠢ᠂ ᠡᠵᠡᠮᠰᠢᠬᠦ ᠦᠭᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠵᠦ᠂ ᠨᠠᠮ ᠤᠨ ᠭᠡᠰᠢᠭᠦᠨ ᠢᠯᠠᠩᠭᠤᠶ᠎ᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠤᠠ ᠢ ᠵᠣᠬᠢᠶᠠᠨ ᠪᠠᠶᠢᠭᠤᠯᠵᠤ ︽ᠳᠦᠷᠢᠮ︾ ᠢ ᠨᠠᠷᠢᠨ ᠬᠢᠨᠠᠮᠠᠭᠠᠢ ᠰᠤᠷᠤᠯᠴᠠᠵᠤ᠂ ᠰᠠᠬᠢᠯᠭ᠎ᠠ ᠶᠢ ᠰᠤᠷᠤᠯᠴᠠᠬᠤ᠂ ᠰᠠᠬᠢᠯᠭ᠎ᠠ ᠶᠢ ᠮᠡᠳᠡᠬᠦ᠂ ᠰᠠᠬᠢᠯᠭ᠎ᠠ ᠶᠢ ᠢᠯᠠ ᠪᠣᠯᠭᠠᠬᠤ ᠪᠠ ᠰᠠᠬᠢᠯᠭ᠎ᠠ ᠶᠢ ᠵᠢᠷᠤᠮᠯᠠᠵᠤ᠂ ᠰᠠᠬᠢᠯᠭ᠎ᠠ ᠳᠦᠷᠢᠮ ᠢ ᠵᠢᠷᠤᠮᠯᠠᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠦᠭᠡ ᠶᠠᠷᠢᠶ᠎ᠠ ᠦᠢᠯᠡ ᠠᠵᠢᠯᠯᠠᠭᠠᠨ ᠤ ᠪᠠᠨ ᠳᠦᠷᠢᠮᠵᠢᠯ ᠪᠣᠯᠭᠠᠬᠤ ᠬᠡᠷᠡᠭᠲᠡᠢ ᠭᠡᠵᠡᠢ᠃        ︽ᠮᠡᠳᠡᠭᠳᠡᠯ︾ ᠳᠤ ᠴᠢᠬᠤᠯᠠᠴᠢᠯᠠᠬᠤ ᠳᠠᠭᠠᠨ᠂ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠥᠵᠢᠯ ᠢ ᠡᠳᠦᠷ ᠲᠤᠲᠤᠮ ᠴᠢᠬᠤᠯᠠᠴᠢᠯᠠᠨ ᠥᠷᠨᠢᠭᠦᠯᠵᠦ᠂ ᠪᠠᠶᠢᠩᠭᠤ ᠠᠳᠬᠤᠬᠤ ᠬᠡᠷᠡᠭᠲᠡᠢ᠃ ᠲᠡᠷᠡ ᠶᠣᠰᠣᠭᠠᠷ ᠨᠢ ᠰᠤᠷᠤᠯᠴᠠᠵᠤ᠂ ︽ᠳᠦᠷᠢᠮ︾ ᠢ ᠰᠡᠳᠬᠢᠯ ᠵᠢᠷᠦᠬᠡᠨ ᠳᠡᠭᠡᠨ ᠬᠠᠳᠠᠩᠰᠢᠲᠠᠯ᠎ᠠ ᠰᠠᠶᠢᠲᠤᠷ ᠰᠤᠷᠤᠯᠴᠠᠬᠤ ᠬᠡᠷᠡᠭᠲᠡᠢ᠃ ᠰᠡᠷᠡᠮᠵᠢᠯᠡᠭᠦᠯᠦᠯ ᠤᠨ ᠬᠥᠮᠥᠵᠢᠯ ᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠤᠠ ᠢ ᠰᠡᠷᠡᠮᠵᠢᠯᠡᠭᠦᠯᠵᠦ᠂ ᠳᠠᠪᠠᠵᠤ ᠪᠣᠯᠣᠰᠢ ᠦᠭᠡᠢ ᠱᠤᠭᠤᠮ ᠢ ᠣᠶᠢᠯᠠᠭᠠᠭᠤᠯᠤᠨ᠂ ᠠᠶᠤᠵᠤ ᠡᠮᠢᠶᠡᠬᠦ ᠶᠢ ᠮᠡᠳᠡᠭᠦᠯᠬᠦ ᠬᠡᠷᠡᠭᠲᠡᠢ᠃ ᠲᠠᠶᠢᠯᠤᠨ ᠪᠣᠯᠣᠨ ᠪᠣᠯᠪᠠᠰᠤᠷᠠᠯ ᠢᠶᠠᠨ ᠴᠢᠩᠭᠠᠳᠬᠠᠵᠤ᠂ ︽ᠳᠦᠷᠢᠮ︾ ᠢ ᠭᠦᠨᠵᠡᠭᠡᠢ ᠣᠶᠢᠯᠠᠭᠠᠵᠤ ᠬᠡᠷᠡᠭᠯᠡᠬᠦ ᠬᠡᠷᠡᠭᠲᠡᠢ ᠭᠡᠵᠡᠢ᠃ ︽ᠮᠡᠳᠡᠭᠳᠡᠯ︾ ᠳᠤ ᠱᠠᠭᠠᠷᠳᠠᠬᠤ ᠳᠠᠭᠠᠨ᠂ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠬᠦ ᠶᠢ ᠤᠯᠤᠰ ᠲᠥᠷᠥ ᠶᠢᠨ ᠴᠢᠬᠤᠯᠠ ᠡᠭᠦᠷᠭᠡ ᠪᠠᠨ ᠪᠣᠯᠭᠠᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号