ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠴᠡᠷᠢᠭ ᠤᠨ ᠶᠠᠪᠤᠳᠠᠯ ᠤᠨ ᠬᠠᠤᠯᠢ ᠲᠣᠭᠲᠠᠭᠠᠬᠤ ᠠᠵᠢᠯ ᠤᠨ ᠳᠦᠷᠢᠮ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2024/4/9
     ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠥᠨᠥᠬᠡᠨ ᠵᠠᠷᠯᠢᠭ ᠲᠤ ᠭᠠᠷ ᠤᠨ ᠦᠰᠦᠭ ᠵᠢᠷᠤᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠴᠡᠷᠢᠭ ᠤᠨ ᠶᠠᠪᠤᠳᠠᠯ ᠤᠨ ᠬᠠᠤᠯᠢ ᠲᠣᠭᠲᠠᠭᠠᠬᠤ ᠠᠵᠢᠯ ᠤᠨ ᠳᠦᠷᠢᠮ︾ ᠢ ᠨᠡᠶᠢᠲᠡᠯᠡᠵᠦ᠂ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠠᠶᠢᠨ᠎ᠠ᠃      ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠴᠡᠷᠢᠭ ᠤᠨ ᠶᠠᠪᠤᠳᠠᠯ ᠤᠨ ᠬᠠᠤᠯᠢ ᠲᠣᠭᠲᠠᠭᠠᠬᠤ ᠠᠵᠢᠯ ᠤᠨ ᠳᠦᠷᠢᠮ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠲᠤᠤᠱᠯᠠᠭᠤᠯᠵᠤ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠳᠦᠷᠢᠮ ᠢ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠬᠠᠤᠯᠢ ᠲᠣᠭᠲᠠᠭᠠᠬᠤ ᠠᠵᠢᠯ ᠤᠨ ᠦᠢᠯᠡᠳᠦᠯᠭᠡ ᠶᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠠᠤᠯᠢ ᠲᠣᠭᠲᠠᠭᠠᠬᠤ ᠬᠠᠤᠯᠢ ᠶᠢᠨ ᠶᠣᠰᠣᠭᠠᠷ ᠴᠡᠷᠢᠭ ᠤᠨ ᠶᠠᠪᠤᠳᠠᠯ ᠤᠨ ᠬᠠᠤᠯᠢ ᠲᠣᠭᠲᠠᠭᠠᠬᠤ ᠠᠵᠢᠯ ᠤᠨ ᠳᠦᠷᠢᠮ ᠲᠣᠭᠲᠠᠴᠠ ᠶᠢ ᠪᠦᠬᠦ ᠲᠠᠯ᠎ᠠ ᠪᠠᠷ ᠰᠢᠰᠲ᠋ᠧᠮ ᠲᠠᠢ ᠳᠦᠷᠢᠮᠵᠢᠭᠦᠯᠦᠭᠰᠡᠨ ᠪᠠᠶᠢᠨ᠎ᠠ᠂ ᠡᠨᠡ ᠨᠢ ᠴᠡᠷᠢᠭ ᠤᠨ ᠶᠠᠪᠤᠳᠠᠯ ᠤᠨ ᠬᠠᠤᠯᠢ ᠲᠣᠭᠲᠠᠭᠠᠬᠤ ᠠᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ᠂ ᠴᠡᠷᠢᠭ ᠢᠶᠠᠨ ᠬᠠᠤᠯᠢ ᠪᠠᠷ ᠵᠠᠰᠠᠬᠤ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢ ᠠᠬᠢᠭᠤᠯᠬᠤ᠂ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠪᠦᠷ ᠴᠢᠬᠤᠯᠠ ᠠᠴᠢ ᠬᠤᠯᠪᠣᠭᠳᠠᠯ ᠲᠠᠢ ᠶᠤᠮ᠃      ᠰᠢᠨ᠎ᠡ ᠪᠠᠷ ᠵᠠᠰᠠᠪᠤᠷᠢ ᠣᠷᠣᠭᠤᠯᠤᠭᠰᠠᠨ ᠡᠨᠡ ︽ᠳᠦᠷᠢᠮ︾ ᠨᠢ ᠨᠡᠶᠢᠲᠡ 13 ᠪᠦᠯᠦᠭ 85 ᠵᠤᠷᠪᠤᠰ ᠲᠠᠢ ᠪᠥᠭᠡᠳ ᠴᠡᠷᠢᠭ ᠤᠨ ᠶᠠᠪᠤᠳᠠᠯ ᠤᠨ ᠬᠠᠤᠯᠢ ᠲᠣᠭᠲᠠᠭᠠᠬᠤ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ ᠢ ᠲᠣᠳᠣᠷᠬᠠᠶᠢᠯᠠᠵᠤ᠂ ᠴᠡᠷᠢᠭ ᠤᠨ ᠶᠠᠪᠤᠳᠠᠯ ᠤᠨ ᠬᠠᠤᠯᠢ ᠳᠦᠷᠢᠮ᠂ ᠲᠣᠭᠲᠠᠭᠠᠯ ᠢ ᠲᠣᠭᠲᠠᠭᠠᠬᠤ ᠡᠷᠬᠡ ᠶᠢᠨ ᠬᠢᠵᠠᠭᠠᠷ ᠢ ᠲᠣᠭᠲᠠᠭᠠᠵᠤ᠂ ᠴᠡᠷᠢᠭ ᠤᠨ ᠶᠠᠪᠤᠳᠠᠯ ᠤᠨ ᠬᠠᠤᠯᠢ ᠳᠦᠷᠢᠮ ᠪᠠ ᠴᠡᠷᠢᠭ ᠤᠨ ᠶᠠᠪᠤᠳᠠᠯ ᠤᠨ ᠲᠣᠭᠲᠠᠭᠠᠯ ᠢ ᠲᠥᠯᠥᠪᠵᠢᠭᠦᠯᠵᠦ ᠲᠥᠯᠥᠪᠯᠡᠬᠦ᠂ ᠲᠥᠷᠥᠯ ᠵᠦᠢᠯ ᠢ ᠲᠣᠭᠲᠠᠭᠠᠬᠤ᠂ ᠲᠤᠭᠤᠷᠪᠢᠨ ᠪᠢᠴᠢᠬᠦ ᠪᠠ ᠳᠡᠭᠡᠭᠰᠢ ᠮᠡᠳᠡᠭᠦᠯᠬᠦ᠂ ᠬᠢᠨᠠᠨ ᠪᠠᠶᠢᠴᠠᠭᠠᠬᠤ᠂ ᠲᠣᠭᠲᠠᠭᠠᠬᠤ ᠪᠠ ᠨᠡᠶᠢᠲᠡᠯᠡᠬᠦ᠂ ᠳᠠᠩᠰᠠᠯᠠᠬᠤ᠂ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠵᠡᠷᠭᠡ ᠪᠣᠳᠠᠲᠠᠢ ᠠᠯᠬᠤᠮ ᠳᠠᠷᠠᠭᠠᠯᠠᠯ ᠢ ᠲᠣᠭᠲᠠᠭᠠᠨ ᠳᠦᠷᠢᠮᠵᠢᠭᠦᠯᠵᠦ᠂ ᠴᠢᠨᠠᠭᠰᠢᠯᠠᠨ ᠳᠠᠩᠰᠠᠯᠠᠨ ᠬᠢᠨᠠᠨ ᠪᠠᠶᠢᠴᠠᠭᠠᠬᠤ᠂ ᠴᠡᠭᠴᠡᠯᠡᠨ ᠡᠮᠬᠢᠳᠬᠡᠬᠦ᠂ ᠬᠡᠷᠡᠭᠯᠡᠬᠦ ᠪᠠ ᠲᠠᠶᠢᠯᠪᠤᠷᠢᠯᠠᠬᠤ᠂ ᠵᠢᠱᠢᠶ᠎ᠡ ᠦᠵᠡᠭᠦᠯᠦᠨ ᠳᠦᠷᠢᠮᠵᠢᠭᠦᠯᠬᠦ ᠵᠡᠷᠭᠡ ᠬᠠᠮᠢᠶᠠᠲᠠᠢ ᠳᠦᠷᠢᠮ ᠢ ᠴᠦ ᠲᠣᠭᠲᠠᠭᠠᠵᠤ ᠳᠦᠷᠢᠮᠵᠢᠭᠦᠯᠦᠭᠰᠡᠨ ᠪᠠᠶᠢᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号