ᠴᠢᠨᠠᠷ ᠰᠠᠶᠢᠲᠠᠢ ᠠᠵᠤ ᠦᠢᠯᠡᠰ ᠤᠨ ᠲᠥᠷᠥᠯ ᠵᠦᠢᠯ ᠢ ᠲᠠᠳᠠᠨ ᠤᠷᠤᠭᠤᠯᠵᠦ ᠰᠠᠶᠢᠲᠤᠷ ᠬᠥᠭᠵᠢᠭᠦᠯᠦᠨ᠎ᠠ
ᠨᠡᠶᠢᠲᠡᠯᠡᠭᠰᠡᠨ ᠴᠠᠭ᠄
2024/4/9
     ᠣᠶᠢᠷ᠎ᠠ ᠳᠤ᠂ ᠮᠠᠨ ᠤ ᠠᠶᠢᠮᠠᠭ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ ᠠᠴᠢᠶᠠᠨ ᠤ ᠮᠠᠰᠢᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ  ᠸᠢᠳᠢᠤ᠋ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠦ᠂ ᠵᠥᠩ ᠴᠠ ᠰᠢᠨ᠎ᠡ ᠡᠨᠧᠷᠭᠢ ᠶᠢᠨ ᠬᠦᠨᠳᠦ ᠠᠵᠤ ᠦᠢᠯᠡᠳᠪᠦᠷᠢ ︵ᠥᠪᠥᠷ ᠮᠣᠩᠭᠤᠯ︶ ᠶᠢᠨ ᠬᠢᠵᠠᠭᠠᠷᠲᠤ ᠺᠣᠮᠫᠠᠨᠢ ᠵᠢᠴᠢ ᠪᠥᠬᠦ ᠠᠶᠢᠮᠠᠭ ᠤᠨ 60 ᠭᠠᠷᠤᠢ ᠨᠡᠭᠦᠷᠡᠰᠦᠨ ᠠᠭᠤᠷᠬᠠᠢ ᠪᠠ ᠨᠡᠭᠦᠷᠡᠰᠦᠨ ᠤ ᠪᠤᠰᠤ ᠠᠭᠤᠷᠬᠠᠢ ᠶᠢᠨ ᠠᠵᠤ ᠠᠬᠤᠶᠢᠯᠠᠯ ᠵᠣᠯᠭᠠᠭᠤᠯᠬᠤ ᠬᠤᠷᠠᠯ ᠳᠤ ᠣᠷᠣᠯᠴᠠᠵᠤ᠂ ᠲᠤᠬᠠᠢ ᠶᠢᠨ ᠲᠠᠯᠠᠪᠤᠷ ᠲᠤ ᠠᠵᠤ ᠠᠬᠤᠶᠢᠯᠠᠯ ᠢ ᠬᠠᠪᠰᠤᠷᠤᠨ ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ ᠠᠴᠢᠶᠠᠠ ᠤ ᠮᠠᠰᠢᠨ ᠤ ᠵᠠᠬᠢᠶᠠᠯᠠᠭ᠎ᠠ ᠶᠢ ᠵᠠᠭᠤ ᠰᠢᠬᠠᠮ ᠨᠠᠶᠢᠳᠠᠪᠤᠷᠢᠵᠢᠭᠤᠯᠵᠠᠢ᠃          ᠵᠥᠩ ᠴᠠ ᠰᠢᠨ᠎ᠡ ᠡᠨᠧᠷᠭᠢ ᠶᠢᠨ ᠬᠦᠨᠳᠦ ᠠᠵᠤ ᠦᠢᠯᠡᠳᠪᠦᠷᠢ ︵ᠥᠪᠥᠷ ᠮᠣᠩᠭᠤᠯ︶ ᠶᠢᠨ ᠬᠢᠵᠠᠭᠠᠷᠲᠤ ᠺᠣᠮᠫᠠᠨᠢ ᠶᠢᠨ ᠰᠢᠨ᠎ᠡ ᠡᠨᠧᠷᠭᠢ ᠶᠢᠨ ᠢᠨᠵᠧᠨᠧᠷᠢᠩ ᠤᠨ ᠮᠠᠰᠢᠨ ᠮᠧᠬᠠᠨᠢᠭ ᠦᠢᠯᠡᠳᠪᠦᠷᠢᠯᠡᠵᠦ ᠪᠣᠷᠣᠯᠠᠭᠤᠯᠬᠤ ᠵᠢᠴᠢ ᠡᠵᠡᠩᠨᠡᠬᠦ ᠲᠥᠷᠥᠯ ᠵᠦᠢᠯ ᠪᠣᠯ ᠪᠥᠬᠦ ᠠᠶᠢᠮᠠᠭ ᠤᠨ ᠠᠷᠠᠯᠵᠢᠶᠠᠴᠢᠨ ᠤᠷᠢᠵᠤ ᠣᠷᠣᠭᠤᠯᠤᠭᠰᠠᠨ ᠠᠩᠬᠠᠳᠠᠭᠴᠢ ᠴᠠᠬᠢᠯᠭᠠᠨ ᠬᠥᠳᠡᠯᠭᠡᠭᠦᠷᠲᠦ ᠠᠴᠢᠶᠠᠠ ᠤ ᠮᠠᠰᠢᠨ ᠤ ᠦᠢᠯᠡᠳᠪᠦᠷᠢᠯᠡᠯ ᠤᠨ ᠲᠥᠷᠥᠯ ᠵᠦᠢᠯ ᠪᠤᠯᠤᠨ᠎ᠠ᠃ ᠲᠥᠷᠥᠯ ᠵᠦᠢᠯ ᠢ 2023 ᠣᠨ ᠤ 3 ᠰᠠᠷ᠎ᠠ ᠶᠢᠨ ᠰᠡᠭᠦᠯᠴᠢ ᠪᠠᠷ ᠡᠬᠢᠯᠡᠨ ᠪᠦᠲᠦᠭᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠲᠤ ᠬᠦᠷᠴᠦ᠂ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ ᠨᠢᠭᠡᠳᠦᠭᠡᠷ ᠬᠤᠭᠤᠴᠠᠭᠠᠨ ᠤ ᠪᠡᠯᠡ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠪᠠᠶᠢᠵᠤ᠂ 0.6 ᠲᠣᠨ ᠠᠴᠠ 15 ᠲᠣᠨ ᠬᠦᠷᠲᠡᠯᠡᠬᠢ ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ ᠠᠴᠢᠶᠠᠠ ᠤ ᠮᠠᠰᠢᠨ ᠢ ᠦᠢᠯᠡᠳᠪᠦᠷᠢᠯᠡᠵᠦ᠂ ᠵᠢᠯ ᠳᠤ 2000 ᠰᠠᠤᠷᠢ ᠴᠠᠬᠢᠯᠭᠠᠨ ᠬᠥᠳᠡᠯᠭᠡᠭᠦᠷᠲᠦ ᠠᠴᠢᠶᠠᠠ ᠤ ᠮᠠᠰᠢᠨ ᠢ ᠦᠢᠯᠡᠳᠪᠦᠷᠢᠯᠡᠬᠦ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠯᠳᠦᠭᠦᠯᠵᠦ᠂ ᠵᠢᠯ ᠳᠤ ᠪᠠᠷᠤᠭ 200 ᠲᠦᠮᠡᠨ ᠺᠢᠯᠣᠸᠠᠲ ᠴᠠᠭ ᠴᠠᠬᠢᠯᠭᠠᠨ ᠵᠠᠷᠤᠴᠠᠭᠤᠯᠤᠨ᠎ᠠ︔ ᠬᠤᠶᠠᠳᠤᠭᠠᠷ ᠬᠤᠭᠤᠴᠠᠭᠠᠨ ᠳᠤ ᠯᠢᠲ᠋ᠢ ᠳ᠋ᠢᠶᠠᠨ ‍ᠤᠤᠢ ᠶᠢᠨ PACK ᠦᠢᠯᠡᠳᠪᠦᠷᠢᠯᠡᠯ ᠤᠨ ᠱᠤᠭᠤᠮ ᠵᠢᠴᠢ ᠬᠠᠮᠢᠶ᠎ᠠ ᠪᠦᠬᠦᠢ ᠲᠤᠨᠤᠭ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠶᠢᠨ ᠬᠠᠮᠲᠤ ᠰᠥᠨᠢᠳ ᠪᠠᠷᠠᠭᠤᠨ ᠬᠤᠰᠢᠭᠤᠨ ᠳᠤ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠠᠭᠤᠷᠬᠠᠢ ᠶᠢᠨ ᠠᠴᠢᠶᠠᠨ ᠤ ᠮᠠᠰᠢᠨ ᠤ ᠡᠵᠡᠩᠨᠡᠯᠲᠡ ᠶᠢᠨ ᠲᠥᠪ ᠢ ᠪᠦᠲᠦᠭᠡᠨ ᠪᠠᠶᠢᠭᠤᠯᠵᠤ᠂ ᠵᠢᠯ ᠤᠨ ᠴᠠᠬᠢᠯᠭᠠᠨ ᠵᠠᠷᠤᠴᠠᠭᠤᠯᠬᠤ ᠬᠡᠮᠵᠢᠶ᠎ᠡ ᠨᠢ ᠪᠠᠷᠤᠭ 800 ᠲᠦᠮᠡᠨ ᠺᠢᠯᠣᠸᠠᠲ ᠴᠠᠭ ᠲᠤ ᠭᠦᠷᠦᠨ᠎ᠡ᠃ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠪᠦᠯᠦᠭ ᠤᠨ ᠠᠴᠢᠶᠠᠠ ᠤ ᠮᠠᠰᠢᠨ ᠢ 2023 ᠣᠨ ᠤ 9 ᠰᠠᠷ᠎ᠠ ᠶᠢᠨ 16 ᠤ ᠡᠳᠦᠷ ᠵᠢᠩᠬᠢᠨᠢ ᠪᠠᠷ ᠠᠰᠢᠭᠯᠠᠯᠲᠠ ᠳᠤ ᠤᠷᠤᠭᠤᠯᠵᠦ᠂ ᠰᠢ ᠠᠨ ᠤ ᠬᠤᠸᠠ ᠰᠢᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠵᠢᠷᠦᠬᠡ ᠶᠢᠨ ᠵᠡᠰ ᠤᠨ ᠦᠢᠯᠡᠰ ᠤᠨ ᠬᠢᠵᠠᠭᠠᠷᠲᠠᠢ ᠬᠠᠷᠢᠭᠤᠴᠠᠯᠭᠠᠲᠤ ᠺᠣᠮᠫᠠᠨᠢ᠂ ᠰᠢᠨ ᠮᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠵᠢᠶᠠ ᠯᠢ ᠤᠰᠤ ᠠᠷᠪᠢᠯᠠᠬᠤ ᠤᠰᠤᠯᠠᠯᠲᠠ ᠶᠢᠨ ᠬᠢᠵᠠᠭᠠᠷᠲᠤ ᠺᠣᠮᠫᠠᠨᠢ ᠵᠡᠷᠭᠡ ᠺᠣᠮᠫᠠᠨᠢ ᠲᠠᠢ ᠬᠤᠳᠠᠯᠳᠤᠨ ᠠᠪᠬᠤ ᠪᠠ ᠪᠣᠷᠣᠯᠠᠭᠤᠯᠬᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠭᠰᠠᠨ ᠪᠠᠶᠢᠨ᠎ᠠ᠃      ᠣᠶᠢᠷ᠎ᠠ ᠶᠢᠨ ᠵᠢᠯ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠡᠭᠡ ᠭᠡᠪᠴᠢᠶ᠎ᠠ ᠪᠠᠷ᠂ ᠦᠨᠳᠦᠷ ᠬᠠᠷᠢᠴᠠᠯ ᠢᠶᠠᠷ ᠰᠢᠨ᠎ᠠ  ᠡᠨᠧᠷᠬᠢ ᠶᠢᠨ ᠨᠡᠭᠡᠭᠡᠨ ᠭᠦᠭᠵᠢᠭᠦᠯᠦᠯᠳᠡ ᠶᠢ ᠠᠬᠢᠭᠤᠯᠵᠦ᠂ ᠶᠡᠭᠡ ᠭᠦᠴᠦᠨ ᠢᠶᠠᠷ ᠠᠷᠠᠯᠵᠢᠶᠠᠴᠢᠨ ᠤᠷᠢᠵᠤ ᠲᠤᠨᠤᠭᠯᠠᠯ ᠦᠢᠯᠡᠳᠭᠡᠯ ᠪᠠ ᠲᠡᠷᠢᠭᠦᠨ ᠤ ᠴᠢᠨᠠᠷ ᠰᠠᠶᠢᠲᠠᠢ  ᠡᠨᠧᠷᠬᠢ ᠠᠴᠢᠶᠠᠯᠠᠬᠤ ᠲᠥᠷᠥᠯ ᠵᠦᠢᠯ ᠢ ᠣᠷᠣᠭᠤᠯᠤᠨ ᠠᠪᠴᠢᠷᠠᠵᠤ ᠪᠤᠶᠢᠵᠢᠭᠤᠯᠤᠨ᠂ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠢ ᠨᠥᠬᠦᠪᠦᠷᠢᠯᠡᠨ᠂ ᠨᠢᠭᠡ ᠪᠦᠯᠦᠭ ᠠᠵᠤ ᠦᠢᠯᠡᠰ ᠤᠨ ᠲᠦᠷᠦᠯ ᠵᠦᠢᠯ ᠢ ᠶᠠᠭ ᠱᠠᠯᠠᠪᠳᠠᠨ ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ ᠢᠳᠡᠭ ᠢᠳᠡᠭ ᠢᠶᠠᠷ ᠪᠤᠵᠠᠭᠠᠶᠢᠷᠠᠭᠤᠯᠪᠠ᠃      2021 ᠣᠨ ᠠᠴᠠ ᠨᠠᠭᠠᠰᠢ᠂ ᠵᠠᠬᠢᠷᠭ᠎ᠠ ᠶᠢᠨ ᠭᠤᠣᠯ ᠤᠳᠤᠷᠢᠳᠤᠯᠭ᠎ᠠ ᠲᠦᠷᠦᠭᠦᠯᠡᠨ 3 ᠵᠢᠯ ᠳᠠᠷᠠᠭᠠᠯᠠᠨ ᠪᠦᠬᠦ ᠠᠶᠢᠮᠠᠭ ᠤᠨ ᠰᠠᠯᠬᠢᠨ ᠬᠦᠴᠦᠨ ᠤ ᠮᠠᠰᠢᠨ ᠤ ᠲᠤᠨᠤᠬᠯᠠᠯ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠬᠤᠷᠠᠯ ᠢ ᠡᠷᠭᠢᠯᠡᠵᠦ᠂ 2023 ᠣᠨ ᠳᠤ ᠰᠠᠯᠬᠢᠨ ᠬᠦᠴᠦᠨ ᠤ ᠮᠠᠰᠢᠨ ᠤ ᠭᠤᠣᠯ ᠮᠠᠰᠢᠨ ᠬᠢᠭᠡᠳ ᠢᠵᠢ ᠪᠦᠷᠢᠳᠦᠭᠦᠯᠬᠦ ᠰᠡᠯᠪᠢᠭ ᠲᠣᠨᠤᠭ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠬᠤᠷᠠᠯ ᠢ ᠡᠷᠭᠢᠯᠡᠵᠦ᠂ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠬᠤᠳᠠᠯᠳᠤᠨ ᠠᠪᠬᠤ ᠪᠠ ᠪᠣᠷᠣᠯᠠᠭᠤᠯᠬᠤ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠰᠢᠨ᠎ᠡ ᠡᠨᠧᠷᠭᠢ ᠶᠢᠨ ᠠᠵᠤ ᠠᠬᠤᠶᠢᠯᠠᠯ ᠢ ᠲᠣᠰ ᠭᠠᠵᠠᠷ ᠤᠨ ᠪᠦᠳᠦᠭᠡᠭᠳᠡᠭᠦᠨ ᠢᠶᠠᠨ ᠤᠷᠢᠳ ᠢᠶᠠᠷ ᠬᠤᠳᠠᠯᠳᠤᠨ ᠠᠪᠬᠤ ᠶᠢ ᠬᠥᠲᠥᠯᠥᠨ ᠵᠢᠯᠤᠭᠤᠳᠴᠤ᠂ ᠰᠢᠨ᠎ᠡ ᠡᠨᠧᠷᠭᠢ ᠶᠢᠨ ᠠᠵᠤ ᠠᠬᠤᠶᠢᠯᠠᠯ ᠬᠢᠭᠡᠳ ᠰᠠᠯᠬᠢᠨ ᠬᠦᠴᠦᠨ ᠤ ᠮᠠᠰᠢᠨ ᠤ ᠭᠤᠣᠯ ᠮᠠᠰᠢᠨ ᠤ ᠠᠵᠤ ᠠᠬᠤᠶᠢᠯᠠᠯ᠂ ᠰᠠᠯᠬᠢᠨ ᠬᠦᠴᠦᠨ ᠤ ᠮᠠᠰᠢᠨ ᠤ ᠭᠤᠣᠯ ᠮᠠᠰᠢᠨ ᠤ ᠠᠵᠤ ᠠᠬᠤᠶᠢᠯᠠᠯ ᠬᠢᠭᠡᠳ ᠭᠤᠤᠯ ᠰᠡᠯᠪᠢᠭ ᠲᠣᠨᠤᠭ ᠦᠢᠯᠡᠳᠭᠦ ᠠᠵᠤ ᠠᠬᠤᠶᠢᠯᠠᠯ ᠤᠨ ᠬᠠᠷᠢᠴᠠᠭ᠎ᠠ ᠶᠢ ᠠᠬᠢᠭᠤᠯᠪᠠ᠃ ᠨᠢᠳᠤᠨᠤᠨ᠂ ᠠᠶᠢᠮᠠᠭ ᠤᠨ ᠳᠣᠲᠣᠷᠠᠬᠢ ᠭᠤᠣᠯ ᠮᠠᠰᠢᠨ ᠤ ᠠᠵᠤ ᠠᠬᠤᠶᠢᠯᠠᠯ ᠬᠢᠭᠡᠳ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠤᠨ ᠵᠠᠬᠢᠶᠠᠯᠠᠭ᠎ᠠ 400 ᠰᠢᠬᠠᠮ ᠪᠠᠶᠢᠵᠤ᠂ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠴᠦᠨ ᠤ ᠢᠵᠢ ᠪᠦᠷᠢᠳᠦᠭᠰᠡᠨ 400 ᠲᠦᠮᠡᠨ ᠺᠢᠯᠣᠸᠠᠲ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠭᠤᠣᠯ ᠮᠠᠰᠢᠨ ᠢ ᠪᠦᠬᠦᠨ ᠢ ᠠᠶᠢᠮᠠᠭ ᠤᠨ ᠳᠣᠲᠣᠷᠠᠬᠢ ᠠᠵᠤ ᠠᠬᠤᠶᠢᠯᠠᠯ ᠠᠴᠠ ᠦᠢᠯᠡᠳᠪᠦᠷᠢᠯᠡᠵᠦ᠂ ᠲᠣᠰ ᠭᠠᠵᠠᠷ ᠤᠨ ᠬᠤᠳᠠᠯᠳᠤᠨ ᠠᠪᠤᠭᠰᠠᠨ ᠨᠣᠷᠮ᠎ᠠ 100% ᠳᠤ ᠬᠥᠷᠪᠡ︔ ᠰᠡᠯᠪᠢᠭ ᠲᠣᠨᠤᠭ ᠦᠢᠯᠡᠳᠬᠦ ᠠᠵᠤ ᠠᠬᠤᠶᠢᠯᠠᠯ ᠲᠠᠢ 430 ᠭᠠᠷᠤᠢ ᠬᠤᠪᠢ ᠵᠠᠬᠢᠶᠠᠯᠠᠭ᠎ᠠ ᠲᠤᠬᠲᠠᠵᠦ᠂ ᠡᠨᠡ ᠨᠢ ᠪᠥᠬᠦ ᠠᠶᠢᠮᠠᠭ ᠤᠨ ᠵᠢᠯ ᠤᠨ ᠲᠥᠯᠥᠪᠯᠡᠭᠰᠡᠨ ᠦᠢᠯᠡᠳᠪᠦᠷᠢᠯᠡᠯ ᠤᠨ ᠶᠡᠷᠦᠩᠬᠡᠢ ᠬᠡᠮᠵᠢᠶᠡᠨ ᠤ ᠵᠢᠷᠭᠤᠭᠠᠨ ᠬᠤᠪᠢ ᠰᠢᠬᠠᠮ ᠢ ᠡᠵᠡᠯᠡᠪᠡ︔ ᠵᠢᠩ ᠴᠧᠩ ᠴᠠᠬᠢᠯᠭᠠᠨ ᠤᠳᠠᠰᠤᠨ ᠤ ᠺᠣᠮᠫᠠᠨᠢ ᠶᠢ ᠴᠠᠬᠢᠯᠭᠠᠨ ᠬᠦᠴᠦ ᠴᠠᠬᠢᠯᠭᠠᠨ ᠲᠣᠣᠷ ᠤᠨ 10 ᠭᠠᠷᠤᠢ ᠠᠵᠤ ᠠᠬᠤᠶᠢᠯᠠᠯ ᠲᠠᠢ ᠵᠣᠯᠭᠠᠭᠤᠯᠵᠦ᠂ ᠵᠠᠬᠢᠶᠠᠯᠠᠭ᠎ᠠ ᠨᠢ 3 ᠳ᠋ᠦᠩᠰᠢᠭᠤᠷ ᠲᠥᠭᠦᠷᠢᠭ ᠬᠦᠷᠴᠡᠢ᠃ ᠣᠲᠣ ᠶᠠᠭ ᠰᠠᠯᠬᠢᠨ ᠬᠦᠴᠦᠨ ᠤ ᠮᠠᠰᠢᠨ ᠤ ᠭᠤᠣᠯ ᠮᠠᠰᠢᠨ᠂ ᠢᠵᠢ ᠪᠦᠷᠢᠳᠦᠭᠦᠯᠬᠦ ᠰᠡᠯᠪᠢᠭ ᠲᠣᠨᠤᠭ ᠬᠢᠭᠡᠳ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠳᠡᠭᠡᠳᠦ ᠳᠣᠣᠷᠠᠳᠤ ᠤᠷᠤᠰᠬᠠᠯ ᠲᠠᠢ ᠨᠢᠭᠲᠠ ᠬᠠᠷᠢᠯᠴᠠᠬᠤ᠂ ᠨᠢᠭᠡ ᠴᠣᠭᠴᠠᠵᠢᠭᠤᠯᠤᠨ ᠠᠬᠢᠭᠤᠯᠬᠤ᠂ ᠴᠢᠨᠠᠷ ᠰᠠᠶᠢᠲᠠᠢ ᠬᠥᠭᠵᠢᠬᠦ ᠰᠢᠨ᠎ᠡ ᠵᠠᠭᠪᠤᠷ ᠢ ᠠᠯᠬᠤᠮ ᠠᠯᠬᠤᠮ ᠢᠶᠠᠷ ᠪᠣᠶ ᠪᠣᠯᠭᠠᠵᠤ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号