ᠪᠥᠵᠢᠭᠲᠦ ᠵᠦᠴᠦᠭᠡ ︽ᠮᠣᠷᠢᠲᠤ ᠴᠡᠷᠢᠭ︾ ᠡᠬᠡ ᠣᠷᠣᠨᠴᠢ ᠬᠠᠶᠢᠷ᠎ᠠ ᠰᠡᠳᠬᠢᠯᠭᠡ ᠶᠢ ᠤᠯᠠᠮᠵᠢᠯᠠᠨ᠎ᠠ
ᠨᠡᠶᠢᠲᠡᠯᠡᠭᠰᠡᠨ ᠴᠠᠭ᠄
2024/4/9
     ᠲᠦᠷᠦᠬᠦᠬᠡᠨ᠂ ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠵᠣᠬᠢᠶᠠᠨ ᠪᠦᠲᠦᠭᠡᠭᠰᠡᠨ ᠪᠥᠵᠢᠭᠲᠦ ᠵᠦᠴᠦᠭᠡ ︽ᠮᠣᠷᠢᠲᠤ ᠴᠡᠷᠢᠭ︾ ᠤᠨ 110 ᠳ᠋ᠤᠭᠠᠷ ᠲᠠᠯᠠᠪᠠᠶ ᠲᠣᠭᠯᠠᠯᠲᠠ ᠴᠢᠩᠬᠤᠸᠠ ᠶᠡᠭᠡ ᠰᠤᠷᠭᠠᠭᠤᠯᠢ ᠳᠤ ᠶᠠᠪᠤᠭᠳᠠᠵᠤ᠂ ᠪᠠᠭᠰᠢ ᠤᠶᠤᠳᠠᠨ ᠳᠤ ᠰᠡᠳᠬᠢᠯ ᠳᠣᠭᠳᠣᠯᠤᠭᠤᠯᠤᠮ᠎ᠠ ᠮᠣᠷᠢᠲᠤ ᠴᠡᠷᠢᠭ ᠤᠨ ᠦᠯᠢᠭᠡᠷ᠂ ᠬᠠᠷᠠᠮ ᠦᠭᠡᠢ ᠬᠤᠪᠢ ᠨᠡᠮᠡᠷᠢ ᠦᠵᠡᠭᠦᠯᠬᠦ ᠡᠬᠡ ᠣᠷᠣᠨᠴᠢ ᠬᠠᠶᠢᠷ᠎ᠠ ᠰᠡᠳᠬᠢᠯᠭᠡ ᠶᠢ ᠳᠤᠬᠯᠠᠨ ᠦᠵᠡᠬᠦᠯᠦᠭᠰᠡᠨ ᠪᠠᠶᠢᠨ᠎ᠠ᠃      ︽ᠪᠥᠵᠢᠭ ᠤᠨ ᠨᠠᠶᠢᠷᠠᠭᠤᠯᠭ᠎ᠠ᠂ ᠳᠠᠶᠢᠰᠠᠨ ᠤ ᠤᠷᠠᠯᠠᠯ᠂ ᠳᠠᠭᠤᠤ ᠬᠥᠭᠵᠢᠮ ᠪᠦᠷ ᠲᠡᠭᠦᠯᠳᠡᠷ ᠰᠠᠶᠢᠬᠠᠨ ᠪᠣᠯᠵᠠᠢ᠂ ᠦᠨᠡᠬᠡᠷ ᠰᠡᠳᠬᠢᠯ ᠬᠥᠳᠡᠯᠭᠡᠮ᠎ᠡ ᠦᠯᠢᠭᠡᠷ ᠪᠠᠶᠢᠵᠦ᠂ ᠬᠦᠮᠦᠨ ᠤ ᠪᠠᠭ᠋ᠠᠷᠬᠠᠯ ᠢ ᠳᠠᠳᠠᠨ᠎ᠠ︾ ᠭᠡᠵᠦ ᠴᠢᠩᠬᠤᠸᠠ ᠶᠡᠭᠡ ᠰᠤᠷᠭᠠᠭᠤᠯᠢ ᠶᠢᠨ ᠤᠷᠠᠯᠢᠭ ᠬᠥᠮᠦᠵᠢᠯ ᠤᠨ ᠲᠥᠪ ᠤᠨ ᠪᠥᠵᠢᠭ ᠤᠨ ᠪᠠᠭᠰᠢ ᠵᠠᠩ ᠸᠧᠢ ᠳ᠋ᠣᠣ ᠲᠤᠬᠠᠢ ᠶᠢᠨ ᠲᠠᠯᠠᠪᠠᠶ ᠶᠢᠨ ᠦᠵᠡᠭᠴᠢᠳ ᠤᠨ ᠰᠡᠳᠬᠢᠯ ᠤᠨ ᠲᠠᠭᠤᠨ ᠢ ᠳᠠᠮᠵᠢᠭᠤᠯᠤᠨ᠎ᠠ᠃ ᠪᠥᠵᠢᠭᠲᠦ ᠵᠦᠴᠦᠭᠡ ︽ᠮᠣᠷᠢᠲᠤ ᠴᠡᠷᠢᠭ︾ ᠪᠤᠯ ᠬᠦᠮᠦᠨ ᠬᠢᠭᠡᠳ ᠬᠦᠯᠦᠭ ᠤᠨ ᠵᠠᠩ ᠠᠷᠠᠨᠰᠢᠨ ᠢ ᠲᠤᠰᠬᠠᠨ᠂ ᠬᠥᠮᠥᠨ ᠤ ᠴᠢᠨᠠᠷ ᠤᠨ ᠭᠤᠸ᠎ᠠ ᠰᠠᠶᠢᠬᠠᠨ᠂ ᠲᠦᠮᠡᠨ ᠪᠣᠳᠠᠰ ᠤᠨ ᠡᠶ᠎ᠡ ᠵᠣᠬᠢᠴᠠᠯ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠤᠨ ᠲᠤᠬᠠᠢ ᠬᠦᠰᠡᠯ ᠡᠷᠡᠮᠡᠯᠵᠡᠯ ᠢ ᠲᠤᠰᠬᠠᠵᠦ᠂ ᠦᠨᠡᠨᠴᠢ ᠰᠢᠳᠤᠷᠭᠤ ᠡᠷᠡᠯᠬᠡᠭ ᠪᠠᠭᠠᠲᠤᠷᠯᠢᠭ ᠠᠷᠠᠳ ᠤᠨ ᠮᠣᠷᠢᠲᠤ ᠴᠡᠷᠢᠭ ᠲᠤ ᠬᠦᠨᠳᠦᠳᠬᠡᠯ ᠳᠡᠪᠰᠢᠭᠦᠯᠬᠦ ᠶᠢ ᠵᠣᠷᠢᠭᠰᠠᠨ ᠪᠦᠲᠦᠭᠡᠯ ᠪᠤᠯᠬᠤ ᠶᠤᠮ᠃ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠳᠠᠷᠤᠭ᠎ᠠ ᠯᠢ ᠯᠢ᠄ ︽ᠪᠥᠵᠢᠭᠲᠦ ᠵᠦᠴᠦᠭᠡ ︿ᠮᠣᠷᠢᠲᠤ ᠴᠡᠷᠢᠭ﹀ ᠪᠣᠯ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠠᠮᠢᠳᠤᠯᠢᠭ ᠵᠢᠭᠠᠬᠤ ᠮᠠᠲ᠋ᠧᠷᠢᠶᠠᠯ ᠮᠥᠨ᠃ ᠪᠢᠳᠡ ᠪᠥᠵᠢᠭᠲᠦ ᠵᠦᠴᠦᠭᠡ ︿ᠮᠣᠷᠢᠲᠤ ᠴᠡᠷᠢᠭ﹀ ᠢ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠳᠤ ᠲᠣᠭᠤᠷᠢᠨ ᠲᠣᠭᠯᠠᠬᠤ ᠪᠠᠷ ᠲᠣᠬᠢᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠤᠷᠠᠯᠢᠭ ᠤᠨ ᠷᠢᠳᠢ ᠰᠢᠳᠢ ᠶᠢ ᠤᠬᠠᠭᠤᠯᠤᠨ ᠳᠡᠯᠭᠡᠷᠡᠬᠦᠯᠬᠦ ᠶᠢ ᠵᠤᠷᠢᠪᠠ︾ ᠭᠡᠵᠦ ᠬᠡᠯᠡᠨ᠎ᠠ᠃      ᠲᠤᠰ ᠪᠦᠳᠦᠭᠡᠯ ᠢ ᠥᠪᠥᠷ ᠮᠣᠩᠭᠤᠯ ᠤᠨ ᠤᠷᠠᠯᠢᠭ ᠵᠦᠴᠦᠭᠡ ᠢᠢᠨ ᠬᠦᠷᠢᠶᠡᠯᠡᠩ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠯᠳᠠᠷᠲᠤ ᠤᠷᠠᠯᠢᠭᠴᠢᠨ ᠪᠤᠯᠤᠨ ᠮᠣᠷᠢᠲᠤ ᠴᠡᠷᠢᠭ ᠤᠨ ᠬᠤᠪᠢᠰᠬᠠᠯ ᠤᠨ ᠲᠡᠦᠬᠡᠴᠢᠨ ᠢ ᠤᠷᠢᠵᠤ ᠬᠦᠴᠦ ᠳᠠᠯᠪᠢᠨ ᠵᠣᠬᠢᠶᠠᠨ ᠪᠦᠲᠦᠭᠡᠭᠰᠡᠨ᠂ ᠠᠷᠠᠳ ᠤᠨ ᠮᠣᠷᠢᠲᠤ ᠴᠡᠷᠢᠭ ᠤᠨ ᠨᠠᠮ ᠳᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ᠂ ᠤᠯᠤᠰ ᠤᠨ ᠢᠶᠠᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠠᠮᠢ ᠪᠡᠶ᠎ᠡ ᠪᠠᠨ ᠦᠷᠡᠭᠳᠡᠭᠦᠯᠦᠭᠰᠡᠨ ᠡᠬᠡ ᠣᠷᠣᠨᠴᠢ ᠬᠠᠶᠢᠷ᠎ᠠ ᠰᠡᠳᠬᠢᠯᠭᠡ ᠪᠠ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠬᠦᠯᠦᠭᠰᠡᠨ ᠢᠶᠠᠷ ᠨᠡᠷ᠎ᠠ ᠨᠦᠯᠦᠭᠡ  ᠶᠡᠬᠡᠳᠡᠢ  ᠰᠤᠳᠤᠨ  ᠪᠦᠳᠦᠭᠡᠯ  ᠪᠤᠯᠵᠦ᠂ ᠮᠠᠰᠢ ᠤᠯᠠᠨ  ᠢᠷᠠᠭᠤ ᠠᠯᠳᠠᠷ᠂ ᠱᠠᠩᠨᠠᠯ ᠬᠦᠬᠢᠬᠦᠯᠦᠯ ᠲᠤᠰᠴᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号