ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠴᠠᠭᠠᠨ ᠰᠠᠷ᠎ᠠ ᠶᠢᠨ ᠡᠮᠤᠨ᠎ᠠ ᠠᠴᠠ | ᠤᠳᠤᠬᠠᠨ ᠪᠤᠯᠳᠠᠯᠠᠬᠢ ᠰᠠᠷ᠎ᠠ ᠭᠠᠷᠤᠢ ᠶᠢᠨ ᠬᠤᠭᠤᠴᠠᠭᠠᠨ ᠳᠤ ᠬᠡᠯᠪᠡᠷᠢ ᠰᠢᠨ᠎ᠡ᠂ ᠣᠨᠴᠠᠯᠢᠭ ᠦᠪᠡᠷᠮᠢᠴᠡ᠂ | ᠬᠥᠮᠥᠰ ᠤᠨ ᠰᠡᠳᠬᠢᠯ ᠢ ᠳᠤᠯᠠᠭᠠᠴᠠᠭᠤᠯᠤᠭᠰᠠᠨ᠂ ᠣᠯᠠᠨ ᠲᠦᠮᠡᠨ ᠣᠷᠣᠯᠴᠠᠭᠰᠠᠨ ᠬᠡᠮᠵᠢᠶ᠎ᠡ ᠪᠠᠷ ᠤᠯᠠᠨ 50 | ᠳᠠᠯᠠᠪᠠᠢ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ ᠬᠢᠨ ᠤᠷᠢᠳ ᠬᠤᠵᠢᠳ ᠬᠤᠲᠣᠩ | ᠠᠷᠠᠳ ᠤᠨ ᠲᠣᠭᠤᠷᠢᠭ ᠤᠨ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠤᠷᠠᠨ ᠰᠠᠶᠢᠬᠠᠨ ᠤ ᠲᠣᠭᠯᠠᠯᠲᠠ ᠭᠠᠷᠭᠠᠨ | ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠵᠦ᠂ ︽ᠲᠣᠭᠯᠠᠯᠲᠠ ᠭᠠᠷᠭᠠᠬᠤ + | ᠤᠬᠠᠭᠤᠯᠤᠨ ᠲᠠᠶᠢᠯᠪᠤᠷᠢᠯᠠᠬᠤ︾ ᠬᠡᠯᠪᠡᠷᠢ ᠪᠠᠷ ᠳᠠᠮᠵᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ︽ | ᠬᠤᠣᠷ ᠢ ᠲᠠᠨᠢᠵᠤ ᠬᠤᠣᠷ ᠢ ᠰᠡᠷᠭᠡᠶᠢᠯᠡᠨ ᠬᠤᠣᠷ ᠢ ᠠᠷᠢᠯᠭᠠᠬᠤ︾ ᠬᠤᠣᠷ ᠴᠠᠭᠠᠵᠠᠯᠠᠬᠤ ᠮᠡᠳᠡᠯᠭᠡ ᠶᠢ ᠤᠬᠠᠭᠤᠯᠤᠨ | ᠲᠠᠶᠢᠯᠪᠤᠷᠢᠯᠠᠬᠤ ᠢᠢᠨ ᠬᠠᠮᠲᠤ᠂ ᠬᠤᠣᠰ ᠤᠶᠠᠩᠭ᠎ᠠ ᠪᠢᠴᠢᠬᠦ᠂ ᠰᠢᠬᠢᠷᠯᠡᠭᠰᠡᠨ ᠵᠢᠮᠢᠰ ᠬᠢᠬᠦ ᠵᠡᠷᠭᠡ ᠰᠣᠨᠢᠷᠬᠠᠯᠲᠤ | ᠠᠷᠠᠳ ᠤᠨ ᠵᠠᠩ ᠦᠢᠯᠡ ᠢᠢᠨ ᠠᠵᠢᠯᠯᠠᠭ᠎ᠠ ᠦᠷᠨᠢᠬᠦᠯᠦᠨ᠂ ᠰᠠᠭᠤᠭᠠᠯᠢ ᠠᠷᠠᠳ ᠤᠨ ᠴᠠᠭᠠᠨ ᠰᠠᠷ᠎ᠠ ᠢᠢᠨ | ᠠᠮᠢᠳᠤᠷᠠᠯ ᠢ ᠪᠠᠶᠠᠯᠢᠭᠵᠢᠭᠤᠯᠪᠠ᠃ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠳᠠᠰ ᠤᠨ ᠪᠤᠰᠤ | ᠰᠣᠶᠣᠯ ᠤᠨ ᠥᠪ ᠤᠨ ᠴᠠᠭᠠᠨ ᠰᠠᠷ᠎ᠠ ᠢᠢᠨ ᠪᠠᠷᠠᠭᠠᠨ ᠤ ᠴᠤᠭᠯᠠᠭᠠᠨ ᠵᠢᠴᠢ ᠥᠪᠥᠷ ᠮᠣᠩᠭᠤᠯ ᠤᠨ ᠬᠠᠭᠤᠴᠢᠨ | ᠲᠦᠷᠦᠯ ᠲᠡᠮᠳᠡᠭᠲᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠦᠢᠯᠡᠳᠬᠡᠯ ᠤᠨ ᠭᠠᠵᠠᠷ ᠤᠨ ᠳᠡᠯᠭᠡᠨ | ᠪᠣᠷᠣᠯᠠᠭᠤᠯᠭ᠎ᠠ ᠶᠢᠨ ᠲᠣᠭᠯᠠᠯᠲᠠ ᠢᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠦ᠂ 9 ᠡᠳᠦᠷ ᠤᠨ | ᠬᠤᠭᠤᠴᠠᠭᠠᠨ ᠳᠤ ᠤᠷᠠᠨ ᠭᠤᠴᠤ ᠲᠤᠭᠯᠠᠯᠳᠠ ᠪᠠᠷ ᠢᠶᠠᠨ ᠬᠤᠲᠠ ᠢᠢᠨ ᠠᠷᠠᠳ ᠪᠣᠯᠣᠨ ᠵᠢᠭᠤᠯᠴᠢᠯᠠᠭᠰᠠᠳ ᠲᠤ | ᠤᠮᠠᠷᠠᠲᠤ ᠬᠢᠯᠢ ᠢᠢᠨ ᠰᠣᠶᠣᠯ ᠢ ᠮᠡᠳᠡᠷᠡᠭᠦᠯᠤᠨ᠂ ᠠᠷᠠᠳ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ᠂ | ᠬᠡᠷᠡᠭᠯᠡᠭᠡ ᠶᠢ ᠠᠬᠢᠭᠤᠯᠬᠤ᠂ ᠠᠵᠤ ᠠᠬᠤᠢ ᠶᠢ ᠳᠠᠶᠢᠴᠢᠯᠠᠬᠤ ᠳᠤ ᠤᠳᠬ᠎ᠠ ᠤᠷᠠᠯᠢᠭ ᠤᠨ ᠦᠢᠯᠡᠳᠦᠯ ᠢᠶᠠᠨ | ᠭᠦᠢᠴᠡᠳ ᠪᠠᠳᠠᠷᠠᠭᠤᠯᠵᠠᠢ᠃ ᠴᠠᠭᠠᠨ ᠰᠠᠷ᠎ᠠ ᠢᠢᠨ ᠬᠤᠭᠤᠴᠠᠭᠠᠨ ᠳᠤ᠂ ᠸᠢᠴᠠᠲ ᠤᠨ ᠣᠯᠠᠨ ᠨᠡᠶᠢᠲᠡ ᠢᠢᠨ | ᠳ᠋ᠤᠭᠠᠷ ᠢᠶᠠᠷ ︽ᠡᠳᠦᠷ ᠪᠦᠷᠢ ᠨᠢᠭᠡ ᠳᠠᠭᠤᠤ ᠳᠠᠭᠤᠯᠠᠬᠤ︾ ᠬᠡᠯᠪᠡᠷᠢ ᠪᠠᠷ 14 ᠬᠤᠭᠤᠴᠠᠭᠠᠨ ᠤ ᠰᠣᠳᠣᠨ ᠰᠠᠶᠢᠬᠠᠨ | ᠲᠣᠭᠯᠠᠯᠲᠠ ᠢᠢᠨ ᠸᠢᠳᠢᠤ᠋ ᠨᠡᠶᠢᠳᠡᠯᠡᠭᠰᠡᠨ ᠪᠠᠶᠢᠨ᠎ᠠ᠃ | |