ᠮᠠᠨ ᠤ ᠠᠶᠢᠮᠠᠭ 2000 ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠨ᠎ᠠ
ᠨᠡᠶᠢᠲᠡᠯᠡᠭᠰᠡᠨ ᠴᠠᠭ᠄
2024/5/11
     5 ᠰᠠᠷ᠎ᠠ ᠶᠢᠨ 1᠎ ᠠᠴᠠ 10 ᠰᠠᠷ᠎ᠠ ᠶᠢᠨ 31᠎ ᠤ ᠡᠳᠦᠷ ᠪᠣᠯᠲᠠᠯ᠎ᠠ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ᠂ ᠰᠢᠯᠢ ᠶᠢᠨ ᠬᠤᠲᠠ ᠶᠢᠨ ᠵᠠᠰᠠᠭ ᠤᠨ ᠣᠷᠳᠣᠨ᠂ ᠰᠢᠯᠢ ᠶᠢᠨ ᠬᠤᠲᠠ ᠣᠷᠣᠨ ᠳᠤ ᠮᠠᠰᠢᠨ ᠲᠡᠷᠭᠡ᠂ ᠣᠷᠣᠨ ᠰᠠᠭᠤᠴᠠ᠂ ᠭᠡᠷ ᠤᠨ ᠴᠠᠬᠢᠯᠭᠠᠨ ᠬᠡᠷᠡᠭᠰᠡᠯ᠂ ᠭᠡᠷ ᠤᠨ ᠡᠳ᠋ᠯᠡᠯ ᠬᠡᠷᠡᠭᠰᠡᠯ᠂ ᠬᠤᠳᠠᠯᠳᠤᠭ᠎ᠠ ᠴᠢᠯᠦᠭᠡᠳᠦ ᠳᠡᠯᠭᠡᠭᠦᠷ᠂ ᠢᠳᠡᠭᠡᠨ ᠤᠮᠳᠠᠭᠠᠨ᠂ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠢ ᠵᠡᠷᠭᠡ ᠭᠦᠷᠢᠶᠡᠨ ᠳᠤ 2000 ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠵᠦ᠂ ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠠᠵᠤ ᠠᠬᠤᠶᠢᠯᠠᠯ ᠠᠰᠢᠭ ᠣᠯᠭᠤᠬᠤ᠂ ᠮᠥᠩᠭᠦᠨ ᠭᠦᠢᠯᠭᠡᠭᠡᠨ ᠢᠶᠠᠷ ᠬᠦᠴᠦᠨ ᠨᠡᠮᠡᠷᠢᠯᠡᠬᠦ ᠪᠠᠷ ᠳᠠᠮᠵᠢᠭᠤᠯᠤᠨ᠂ ᠠᠷᠠᠳ ᠤᠨ ᠠᠮᠢᠳᠤᠷᠠᠯ ᠳᠤ ᠠᠰᠢᠭ ᠭᠦᠷᠳᠡᠭᠡᠭᠦ ᠪᠠᠷ ᠪᠤᠢ᠃      ᠤᠶᠢᠯᠠᠭᠠᠬᠰᠠᠨ ᠢᠶᠠᠷ᠂ ᠮᠠᠰᠢᠨ ᠲᠡᠷᠭᠡᠨ ᠤ ᠬᠡᠷᠡᠭᠯᠡᠭᠡᠨ ᠤ ᠲᠡᠮᠳᠡᠭᠲᠦ ᠶᠢ 5 ᠰᠠᠷ᠎ᠠ ᠶᠢᠨ 1᠎ ᠠᠴᠠ 10 ᠰᠠᠷ᠎ᠠ ᠶᠢᠨ 31᠎ ᠤ ᠡᠳᠦᠷ ᠪᠣᠯᠲᠠᠯᠠᠬᠢ ᠬᠤᠭᠤᠴᠠᠭᠠᠨ ᠳᠤ᠂ ᠰᠠᠷ᠎ᠠ ᠪᠦᠷᠢ ᠶᠢᠨ 1᠎ ᠤ ᠡᠳᠦᠷ ᠪᠡᠯᠡ ᠮᠥᠩᠭᠦ ᠨᠦᠭᠦᠪᠦᠷᠢᠯᠡᠭᠦ ᠠᠷᠭ᠎ᠠ ᠮᠠᠶ᠋ᠢᠭ ᠢᠶᠠᠷ ︽ᠶᠦᠨ ᠱᠠᠨ ᠹᠦ᠋︾ APP ᠲᠠᠪᠴᠠᠩ ᠳᠤ 6 ᠬᠤᠭᠤᠴᠠᠭ᠎ᠠ ᠬᠤᠪᠢᠶᠠᠨ ᠲᠠᠷᠬᠠᠭᠠᠵᠤ᠂ ᠨᠡᠶᠢᠲᠡ 650 ᠲᠦᠮᠡᠨ ᠲᠥᠭᠦᠷᠢᠭ ᠲᠠᠷᠬᠠᠭᠠᠨ᠎ᠠ᠂ ᠡᠭᠦᠨ ᠳᠤ᠂ 10 ᠲᠦᠮᠡᠨ ᠲᠥᠭᠦᠷᠢᠭ ︵ᠪᠠᠭᠲᠠᠨ᠎ᠠ︶ ᠵᠢᠴᠢ ᠲᠡᠭᠦᠨ ᠠᠴᠠ ᠳᠣᠷᠣᠭᠰᠢᠬᠢ ᠦᠨ᠎ᠠ ᠪᠠᠷ ᠮᠠᠰᠢᠨ ᠲᠡᠷᠭᠡ ᠬᠤᠳᠠᠯᠳᠤᠨ ᠠᠪᠤᠪᠠᠯ 2000 ᠲᠥᠭᠦᠷᠢᠭ ᠨᠦᠭᠦᠪᠦᠷᠢᠯᠡᠵᠦ᠂ 10 ᠲᠦᠮᠡᠨ ᠲᠥᠭᠦᠷᠢᠭ ᠠᠴᠠ 20 ᠲᠦᠮᠡᠨ ᠲᠥᠭᠦᠷᠢᠭ ︵ᠪᠠᠭᠲᠠᠨ᠎ᠠ︶᠎ ᠢᠶᠠᠷ ᠬᠤᠳᠠᠯᠳᠤᠨ ᠠᠪᠤᠪᠠᠯ 4000 ᠲᠥᠭᠦᠷᠢᠭ ᠨᠦᠭᠦᠪᠦᠷᠢᠯᠡᠨ᠂ 20 ᠲᠦᠮᠡᠨ ᠲᠥᠭᠦᠷᠢᠭ ᠠᠴᠠ ᠳᠡᠭᠡᠭᠰᠢᠬᠢ ᠦᠨ᠎ᠠ ᠪᠠᠷ ᠬᠤᠳᠠᠯᠳᠤᠨ ᠠᠪᠤᠪᠠᠯ 6000 ᠲᠥᠭᠦᠷᠢᠭ ᠨᠦᠭᠦᠪᠦᠷᠢᠯᠡᠨ᠎ᠠ᠃ ᠲᠠᠸᠠᠷ ᠤᠨ ᠣᠷᠣᠨ ᠰᠠᠭᠤᠴᠠ ᠶᠢᠨ ᠬᠡᠷᠡᠭᠯᠡᠭᠡᠨ ᠤ ᠲᠡᠮᠳᠡᠭᠲᠦ ᠶᠢ 2 ᠬᠤᠭᠤᠴᠠᠭ᠎ᠠ ᠬᠤᠪᠢᠶᠠᠨ ᠨᠡᠶᠢᠲᠡ 500 ᠲᠦᠮᠡᠨ ᠲᠥᠭᠦᠷᠢᠭ ᠲᠠᠷᠬᠠᠭᠠᠬᠤ ᠪᠠᠷ ᠲᠥᠯᠥᠪᠯᠡᠵᠦ᠂ ᠪᠡᠯᠡ ᠮᠥᠩᠭᠦ ᠪᠠᠷ ᠨᠥᠬᠦᠪᠦᠷᠢᠯᠡᠬᠦ ᠠᠷᠭ᠎ᠠ ᠮᠠᠶ᠋ᠢᠭ ᠢᠶᠠᠷ ︽ᠶᠦᠨ ᠱᠠᠨ  ᠹᠦ᠋︾ APP ᠲᠠᠪᠴᠠᠩ ᠳᠤ ᠲᠠᠷᠬᠠᠭᠠᠵᠤ᠂ ᠬᠡᠷᠡᠭᠯᠡᠭᠴᠢᠳ ᠲᠣᠭᠲᠠᠭᠰᠠᠨ ᠴᠠᠭ ᠤᠨ ᠳᠣᠲᠣᠷ᠎ᠠ ᠲᠠᠸᠠᠷ ᠤᠨ ᠣᠷᠣᠨ ᠰᠠᠭᠤᠴᠠ ᠶᠢ ᠬᠤᠳᠠᠯᠳᠤᠨ ᠠᠪᠬᠤ ᠶᠢᠨ ᠬᠠᠮᠲᠤ ᠰᠦᠯᠵᠢᠶᠡᠨ ᠳᠡᠭᠡᠷ᠎ᠡ ᠭᠡᠷ᠎ᠡ ᠲᠣᠭᠲᠠᠵᠤ ᠳᠠᠩᠰᠠᠯᠠᠭᠤᠯᠬᠤ ᠴᠢᠬᠤᠯᠠᠳᠠᠢ᠂ ᠬᠤᠶᠠᠷ ᠤᠳᠠᠭ᠎ᠠ ᠬᠠᠷᠭᠤᠭᠤᠯᠤᠨ ᠪᠠᠶᠢᠴᠠᠭᠠᠭᠠᠳ ᠪᠠᠲᠤᠯᠠᠭᠰᠠᠨ ᠤ ᠳᠠᠷᠠᠭ᠎ᠠ ᠬᠡᠷᠡᠭᠯᠡᠭᠴᠢ 1 ᠲᠦᠮᠡᠨ ᠲᠥᠭᠦᠷᠢᠭ ᠤᠨ ᠨᠥᠬᠦᠪᠦᠷᠢ ᠭᠥᠷᠳᠡᠵᠦ ᠪᠣᠯᠣᠨ᠎ᠠ᠃ ᠭᠡᠷ ᠤᠨ ᠴᠠᠬᠢᠯᠭᠠᠨ ᠬᠡᠷᠡᠭᠰᠡᠯ᠂ ᠭᠡᠷ ᠤᠨ ᠡᠳ᠋ᠯᠡᠯ ᠬᠡᠷᠡᠭᠰᠡᠯ ᠵᠡᠷᠭᠡ ᠬᠦᠷᠢᠶᠡᠨ ᠳᠤ 5 ᠬᠤᠭᠤᠴᠠᠭ᠎ᠠ ᠬᠤᠪᠢᠶᠠᠨ 400 ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠵᠤ᠂ 1000 ᠲᠥᠭᠦᠷᠢᠭ ᠵᠠᠷᠤᠪᠠᠯ 100 ᠲᠥᠭᠦᠷᠢᠭ ᠨᠦᠭᠦᠪᠦᠷᠢᠯᠡᠵᠦ᠂ 2000 ᠲᠥᠭᠦᠷᠢᠭ ᠵᠠᠷᠤᠪᠠᠯ 200 ᠲᠥᠭᠦᠷᠢᠭ ᠨᠦᠬᠦᠪᠦᠷᠢᠯᠡᠨ᠂ 3000 ᠲᠥᠭᠦᠷᠢᠭ ᠵᠠᠷᠤᠪᠠᠯ 300 ᠲᠥᠭᠦᠷᠢᠭ ᠨᠦᠬᠦᠪᠦᠷᠢᠯᠡᠨ᠎ᠠ᠃ ᠬᠤᠳᠠᠯᠳᠤᠭ᠎ᠠ ᠴᠢᠯᠦᠭᠡᠳᠦ ᠲᠡᠯᠭᠡᠭᠦᠷ᠂ ᠢᠳᠡᠭᠡᠨ ᠤᠮᠳᠠᠭᠠᠨ ᠤ ᠬᠡᠷᠡᠭᠯᠡᠭᠡᠨ ᠤ ᠲᠡᠮᠳᠡᠭᠲᠦ ᠶᠢ 4 ᠬᠤᠭᠤᠴᠠᠭ᠎ᠠ ᠬᠤᠪᠢᠶᠠᠨ ᠨᠡᠶᠢᠲᠡ 250 ᠲᠦᠮᠡᠨ ᠲᠥᠭᠦᠷᠢᠭ ᠲᠠᠷᠬᠠᠭᠠᠬᠤ ᠪᠠᠷ ᠲᠦᠯᠦᠪᠯᠡᠵᠦ᠂ ᠲᠡᠮᠳᠡᠭᠲᠦ ᠶᠢᠨ ᠲᠤᠭ᠎ᠠ ᠨᠢ 10 ᠲᠥᠭᠦᠷᠢᠭ ᠤᠨ ᠨᠡᠶᠢᠳᠡᠮ ᠬᠡᠷᠡᠭᠯᠡᠭᠡᠨ ᠤ ᠲᠡᠮᠳᠡᠭᠲᠦ᠂ 30 ᠲᠥᠭᠦᠷᠢᠭ ᠤᠨ ᠨᠡᠶᠢᠳᠡᠮ ᠬᠡᠷᠡᠭᠯᠡᠭᠡᠨ ᠤ ᠲᠡᠮᠳᠡᠭᠲᠦ᠂ 50 ᠲᠥᠭᠦᠷᠢᠭ ᠤᠨ ᠨᠡᠶᠢᠳᠡᠮ ᠬᠡᠷᠡᠭᠯᠡᠭᠡᠨ ᠤ ᠲᠡᠮᠳᠡᠭᠲᠦ ᠪᠣᠯᠣᠨ᠎ᠠ᠃ ᠡᠭᠦᠨ ᠠᠴᠠ ᠭᠠᠳᠠᠨ᠎ᠠ᠂ 6 ᠰᠠᠷ᠎ᠠ ᠶᠢᠨ 10᠎ ᠠᠴᠠ 8 ᠰᠠᠷ᠎ᠠ ᠶᠢᠨ 10᠎ ᠤ ᠡᠳᠦᠷ ᠪᠣᠯᠲᠠᠯ᠎ᠠ᠂ ︽ᠶᠦᠨ  ᠶᠢᠦ ᠰᠢᠯᠢ ᠶᠢᠨ ᠬᠤᠳᠠ︾ ᠵᠢᠵᠢᠭ ᠫᠷᠣᠭ᠍ᠷᠠᠮ ᠢᠶᠠᠷ 200 ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠵᠤ᠂ ᠰᠢᠯᠢ ᠶᠢᠨ ᠬᠤᠲᠠ ᠶᠢᠨ ᠠᠷᠠᠳ ᠪᠠ ᠵᠢᠭᠤᠯᠴᠢᠯᠠᠭᠰᠠᠳ ᠲᠤ ᠰᠢᠯᠢ ᠶᠢᠨ ᠬᠤᠳᠠ ᠶᠢᠨ ᠶᠤᠸᠠᠨ  ᠡᠾᠧ ᠵᠢᠶᠠᠨ ᠭᠦᠸᠧ ᠰᠥᠨᠢ ᠶᠢᠨ ᠵᠠᠬ᠎ᠠ ᠳᠡᠯᠭᠡᠭᠦᠷ᠂ ᠮᠣᠩᠭᠤᠯ ᠭᠤᠶᠤ ᠤᠷᠳᠤᠨ ᠰᠦᠨᠢ ᠶᠢᠨ ᠵᠠᠬ᠎ᠠ ᠳᠡᠯᠭᠡᠭᠦᠷ᠂ ᠱᠸᠦ ᠹᠠᠨᠭ᠌ ᠭᠦᠷᠢᠶᠡᠯᠡᠩ ᠲᠣᠭᠤᠷᠢᠭ ᠤᠨ ᠰᠥᠨᠢ ᠶᠢᠨ ᠵᠠᠬ᠎ᠠ ᠳᠡᠯᠭᠡᠭᠦᠷ ᠵᠡᠷᠭᠡ ᠭᠠᠵᠠᠷ ᠲᠤ ᠭᠡᠷᠡᠭᠯᠡᠵᠦ ᠪᠤᠯᠤᠨ᠎ᠠ᠃      ᠣᠶᠢᠯᠠᠭᠠᠭᠰᠠᠨ ᠢᠶᠠᠷ᠂ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠬᠤᠭᠤᠴᠠᠭᠠᠨ ᠳᠤ ᠪᠠᠰᠠ ᠮᠠᠰᠢᠨ ᠲᠡᠷᠭᠡᠨ ᠤ ᠬᠡᠷᠡᠭᠯᠡᠭᠡᠨ ᠤ ᠴᠤᠬᠯᠠᠭᠠᠨ᠂ ᠮᠠᠰᠢᠨ ᠲᠡᠷᠭᠡᠨ ᠤ ᠦᠵᠡᠭᠦᠯᠭᠡ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠴᠤᠭᠯᠠᠭᠠᠨ᠂ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠬᠡᠷᠡᠭᠰᠡᠯ ᠬᠤᠳᠠᠯᠳᠤᠨ ᠠᠪᠬᠤ ᠴᠤᠬᠯᠠᠭᠠᠨ ᠵᠡᠷᠭᠡ ᠠᠵᠢᠯᠯᠠᠭ᠎ᠠ ᠶᠢ ᠦᠷᠨᠢᠭᠦᠯᠦᠨ᠎ᠠ᠃
 
ᠢᠷᠡᠯᠲᠡ᠄ ᠰᠢᠯᠢ ᠶᠢᠨ ᠭᠤᠣᠯ ᠤᠨ ᠮᠣᠩᠭᠤᠯ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号