ᠵᠠᠩ ᠬᠠᠢ ᠬᠤᠸᠠ᠄ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠠ
ᠨᠡᠶᠢᠲᠡᠯᠡᠭᠰᠡᠨ ᠴᠠᠭ᠄
2024/5/11
     ︽︿ᠦᠨᠡᠨᠴᠢ ᠰᠢᠳᠤᠷᠭᠤ᠂ ᠠᠷᠢᠭᠤᠨ ᠴᠢᠭᠡᠴᠢ᠂ ᠬᠠᠷᠢᠭᠤᠴᠠᠯᠭ᠎ᠠ ᠡᠭᠦᠷᠭᠡᠯᠡᠬᠦ᠂ ᠰᠢᠨᠵᠢᠯᠡᠬᠦ ᠤᠬᠠᠭᠠᠨᠴᠢ᠂ ᠦᠨᠡᠨ ᠢ ᠪᠠᠷᠢᠮᠲᠠᠯᠠᠬᠤ᠂ ᠰᠢᠨ᠎ᠡ ᠶᠢ ᠡᠭᠦᠳᠬᠦ﹀ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠠ︾ ᠭᠡᠵᠦ ᠰᠢᠯᠢ ᠶᠢᠨ ᠭᠤᠣᠯ ᠠᠶᠢᠮᠠᠭ ᠤᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠭᠦᠯᠦᠯᠲᠡ ᠶᠢᠨ ᠲᠥᠪ ᠤᠨ ᠳᠡᠭᠡᠳᠦ ᠵᠡᠷᠭᠡ ᠶᠢᠨ ᠢᠨᠵᠧᠨᠧᠷ ᠵᠠᠩ ᠬᠠᠢ ᠬᠤᠸᠠ ᠰᠤᠷᠪᠤᠯᠵᠢᠯᠠᠬᠴᠢ ᠳᠤ ᠶᠠᠷᠢᠨ᠎ᠠ᠃ ᠡᠨᠡ ᠪᠣᠯ ᠲᠡᠭᠦᠨ ᠤ ᠬᠤᠷᠢ ᠭᠠᠷᠤᠢ ᠵᠢᠯ ᠤᠨ ᠠᠵᠢᠯ ᠤᠨ ᠳᠤᠮᠳᠠᠬᠢ ᠴᠢᠬᠤᠯᠠ ᠪᠠᠷᠢᠮᠲᠠᠯᠠᠯ ᠶᠤᠮ᠃ ᠣᠶᠢᠷ᠎ᠠ ᠳᠤ᠂ ᠵᠠᠩ ᠬᠠᠢ ᠬᠤᠸᠠ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽5 · 1︾ ᠎ ᠤ ᠡᠮᠡᠭᠲᠡᠢ ᠳᠠᠭᠤᠷᠢᠶᠠᠯ ᠤᠨ ᠢᠷᠠᠭᠤ ᠠᠯᠳᠠᠷ ᠢ ᠭᠥᠷᠳᠡᠵᠠᠢ᠃      ᠲᠠᠷᠢᠶᠠᠯᠠᠬᠤ ᠤᠷᠤᠨ ᠳᠤ ᠲᠦᠷᠦᠵᠦ ᠦᠰᠦᠭᠰᠡᠨ ᠵᠠᠩ ᠬᠠᠢ ᠬᠤᠸᠠ ᠬᠠᠷᠠᠬᠠᠨ ᠪᠠᠭ᠎ᠠ ᠠᠴᠠ ᠪᠠᠨ ᠤᠤᠭᠤᠬᠤ ᠤᠰᠤᠨ ᠤ ᠬᠦ᠋ᠴᠢᠷᠳᠡᠯ ᠢ ᠰᠠᠶᠢᠨ ᠤᠶᠢᠯᠠᠭᠠᠳᠠᠭ ᠪᠠᠶᠢᠵᠦ᠂ ᠡᠨᠡ ᠬᠦ ᠪᠠᠶᠢᠳᠠᠯ ᠢ ᠬᠤᠪᠢᠷᠠᠭᠤᠯᠬᠤ ᠪᠠᠷ ᠡᠷᠲᠡ ᠵᠣᠷᠢᠭ ᠰᠢᠭᠤᠳᠤᠬᠰᠠᠨ ᠪᠠᠶᠢᠵᠠᠢ᠃ 2000 ᠣᠨ ᠳᠤ᠂ ᠲᠡᠷᠡ ᠠᠵᠢᠯ ᠤᠨ ᠭᠠᠷᠤᠭ᠎ᠠ ᠪᠠᠨ ᠠᠪᠤᠬᠰᠠᠨ ᠠᠴᠠ ᠤᠳᠤ ᠪᠤᠯᠲᠠᠯ᠎ᠠ ᠪᠦᠬᠦ ᠠᠶᠢᠮᠠᠭ ᠤᠨ ᠤᠰᠤᠨ ᠠᠰᠢᠭᠯᠠᠯᠲᠠ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠳᠤ 24 ᠵᠢᠯ ᠤᠶᠤᠨ ᠤᠬᠠᠭᠠᠨ ᠬᠦᠴᠦ ᠬᠦᠯᠦᠰᠦ ᠪᠠᠨ ᠡᠷᠭᠦᠭᠰᠡᠭᠡᠷ ᠢᠷᠡᠵᠠᠢ᠃ ᠬᠤᠷᠢ ᠭᠠᠷᠤᠢ ᠵᠢᠯ ᠤᠨ ᠲᠤᠷᠰᠢ᠂ ᠲᠡᠷᠡ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠮᠦᠨ᠎ᠠ ᠹᠷᠣᠨᠲ ᠲᠤ ᠰᠢᠷᠭᠠᠭᠤ ᠬᠠᠲᠠᠭᠤᠵᠢᠯᠲᠠᠢ ᠠᠵᠢᠯᠯᠠᠠ᠂ ᠪᠦᠬᠦ ᠠᠶᠢᠮᠠᠭ ᠤᠨ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠮᠡᠷᠭᠡᠵᠢᠯ ᠤᠨ ᠭᠤᠣᠯᠯᠠᠭᠴᠢ ᠬᠦᠴᠦᠨ ᠪᠤᠯᠵᠠᠢ᠃      ᠤᠯᠠᠨ ᠵᠢᠯ ᠤᠨ ᠲᠤᠷᠰᠢ᠂ ᠵᠠᠩ ᠬᠠᠢ ᠬᠤᠸᠠ ᠤᠨᠤᠯ ᠪᠣᠯᠣᠨ ᠦᠢᠯᠡᠳᠦᠯᠭᠡ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠤᠰᠤᠨ ᠠᠰᠢᠭᠯᠠᠯᠲᠠ ᠶᠢᠨ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠢ ᠰᠢᠨ᠎ᠡ ᠮᠡᠷᠭᠡᠵᠢᠯ ᠰᠢᠨ᠎ᠡ ᠮᠡᠳᠡᠯᠭᠡ ᠶᠢ ᠴᠠᠭ ᠲᠤᠬᠠᠢ ᠳᠤᠨᠢ ᠡᠵᠡᠮᠰᠢᠵᠦ᠂ ᠲᠤᠰ ᠪᠡᠶ᠎ᠡ ᠶᠢᠨ ᠲᠤᠰᠬᠠᠢ ᠮᠡᠷᠭᠡᠵᠢᠯ ᠤᠨ ᠪᠣᠯᠪᠠᠰᠤᠷᠠᠯ ᠪᠣᠯᠣᠨ ᠤᠰᠤᠨ ᠠᠰᠢᠭᠯᠠᠯᠲᠠ ᠶᠢᠨ ᠦᠢᠯᠡᠰ ᠲᠤ ᠦᠢᠯᠡᠴᠢᠯᠡᠬᠦ ᠴᠢᠳᠠᠪᠤᠷᠢ ᠬᠢᠷᠢ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠵᠡᠢ᠃ ᠣᠶᠢᠷ᠎ᠠ ᠶᠢᠨ ᠵᠢᠯ ᠠᠴᠠ᠂ ᠲᠡᠷᠡ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠲᠡᠰ ᠤᠨ ᠰᠡᠳᠬᠦᠯ ᠳᠡᠭᠡᠷ᠎ᠡ ᠤᠯᠠᠨ ᠥᠭᠦᠯᠡᠯ ᠨᠡᠶᠢᠲᠡᠯᠡᠵᠦ᠂ ᠤᠯᠠᠨ ᠤᠳᠠᠭ᠎ᠠ ᠤᠷᠢᠯᠭ᠎ᠠ ᠪᠠᠷ ᠬᠤᠯᠪᠣᠭᠳᠠᠯ ᠪᠦᠬᠦᠢ ᠪᠠᠶᠢᠭᠤᠯᠭ᠎ᠠ ᠪᠣᠯᠣᠨ ᠬᠤᠰᠢᠭᠤ ᠰᠢᠶᠠᠨ ᠬᠤᠳᠠ ᠳᠤ ᠬᠦᠷᠴᠦ ᠤᠰᠤᠨ ᠠᠰᠢᠭᠯᠠᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠦᠭᠰᠡᠨ ᠶᠤᠮ᠃ ᠲᠡᠷᠡ ᠡᠯ᠎ᠡ ᠵᠦᠢᠯ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠲᠦᠷᠦᠯ ᠵᠦᠢᠯ ᠤᠨ ᠲᠥᠯᠦᠪᠵᠢᠭᠦᠯᠭᠡ᠂ ᠵᠢᠷᠤᠭ ᠲᠥᠯᠥᠪᠯᠡᠭᠡ ᠶᠢᠨ ᠠᠵᠢᠯ ᠳᠤ ᠪᠡᠶ᠎ᠡ ᠪᠠᠷ ᠢᠶᠠᠨ ᠣᠷᠣᠯᠴᠠᠵᠦ᠂ ︽ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠎ ᠢ 152᠂ ︽ᠤᠰᠤᠨ ᠳᠤ ᠠᠷᠪᠢᠳᠠᠢ ᠤᠰᠤᠯᠠᠯᠲᠠ ᠶᠢᠨ ᠢᠨᠵᠧᠨᠧᠷᠢᠩ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ︾᠎ ᠶᠢ 15᠎ ᠶᠢ ᠲᠤᠰᠠᠭᠠᠷ ᠪᠡᠶᠡᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ︾ ᠵᠡᠷᠭᠡ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠴᠢᠬᠤᠯᠠ ᠲᠥᠯᠦᠪᠵᠢᠭᠦᠯᠭᠡ ᠶᠢᠨ ᠲᠥᠰᠥᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠳᠤ ᠬᠤᠯᠪᠤᠬᠳᠠᠬᠰᠠᠨ 19 ᠲᠦᠷᠦᠯ ᠵᠦᠢᠯ ᠤᠨ ᠠᠵᠢᠯ ᠳᠤ ᠣᠷᠣᠯᠴᠠᠵᠤ᠂ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠨᠭ᠍ᠭᠠᠯᠭ᠎ᠠ ᠶᠢ ᠪᠠᠲᠤᠯᠠᠬᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ᠂ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠨᠭ᠍ᠭᠠᠯᠭ᠎ᠠ ᠤᠰᠤᠨ ᠤ ᠴᠢᠨᠠᠷ ᠢ ᠳᠡᠭᠡᠭᠰᠢᠯᠡᠭᠦᠯᠬᠦ ᠬᠡᠷᠡᠭᠵᠢᠭᠦᠯᠬᠦ ᠲᠥᠰᠥᠯ᠂ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠨᠭ᠍ᠭᠠᠯᠭ᠎ᠠ ᠶᠢᠨ ᠴᠢᠨᠠᠷ ᠰᠠᠶᠢᠲᠠᠢ ᠬᠥᠭᠵᠢᠯᠲᠠ ᠶᠢᠨ ᠲᠥᠯᠦᠪᠵᠢᠭᠦᠯᠭᠡ ᠵᠡᠷᠭᠡ 75 ᠲᠥᠷᠥᠯ ᠵᠦᠢᠯ ᠤᠨ ᠠᠵᠢᠯ ᠳᠤ ᠣᠷᠣᠯᠴᠠᠵᠤ᠂ ᠮᠠᠰᠢ ᠣᠯᠠᠨ ᠢᠨᠵᠧᠨᠧᠷᠢᠩ ᠨᠢ ᠰᠢᠯᠢᠳᠡᠭ ᠢᠨᠵᠧᠨᠧᠷᠢᠩ ᠪᠠ ᠵᠢᠱᠢᠶ᠎ᠡ ᠦᠵᠡᠭᠦᠯᠬᠦ ᠢᠨᠵᠧᠨᠧᠷᠢᠩ ᠢᠶᠠᠷ ᠦᠨᠡᠯᠡᠭᠳᠡᠪᠡ᠃      ︽ᠬᠤᠶᠢᠰᠢᠳᠠ ᠶᠢᠨ ᠠᠵᠢᠯ ᠤᠨ ᠳᠤᠮᠳᠠ ᠪᠢ ᠡᠨᠡ ᠬᠦ ᠢᠷᠠᠭᠤ ᠠᠯᠳᠠᠷ ᠢᠶᠠᠨ ᠬᠤᠪᠢ ᠲᠠᠬᠢᠨ ᠨᠠᠨᠳᠢᠩᠨᠠᠵᠤ᠂ ᠡᠭᠦᠨ ᠢᠶᠠᠷ ᠢᠶᠠᠨ ᠬᠥᠳᠡᠯᠭᠡᠬᠦ ᠬᠦᠴᠦᠨ ᠪᠣᠯᠭᠠᠠ᠂ ᠨᠡᠩ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯᠯᠠᠵᠤ᠂ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠵᠠᠩ ᠬᠠᠢ ᠬᠤᠸᠠ ᠬᠡᠯᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号