ᠠᠶᠢᠮᠠᠭ ᠤᠨ ᠵᠠᠬᠢᠷᠭ᠎ᠠ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/11
     ᠣᠶᠢᠷ᠎ᠠ ᠳᠤ᠂ ᠠᠶᠢᠮᠠᠭ ᠤᠨ ᠵᠠᠬᠢᠷᠭ᠎ᠠ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠨᠢ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠤᠷᠤᠨ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠬᠠᠷᠢᠭᠤᠴᠠᠯᠭᠠᠲᠤ ᠰᠡᠳᠬᠢᠯᠭᠡ ᠪᠠ  ᠲᠤᠯᠭᠠᠮ  ᠰᠡᠳᠬᠢᠯᠭᠡ  ᠪᠠᠨ  ᠦᠨᠡᠨ  ᠬᠦ  ᠴᠢᠩᠭᠠᠳᠬᠠᠵᠦ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠢᠶᠠᠨ ᠲᠡᠭᠦᠵᠦ ᠮᠠᠯᠲᠠᠬᠤ᠂ ᠬᠡᠭᠡᠷ᠎ᠡ ᠶᠢᠨ ᠤᠷᠭᠤᠮᠠᠯ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠡᠪᠳᠡᠬᠦ᠂ ᠬᠡᠭᠡᠷ᠎ᠡ ᠶᠢᠨ ᠤᠷᠭᠤᠮᠠᠯ ᠢ ᠬᠠᠤᠯᠢ ᠠᠴᠠ ᠵᠥᠷᠢᠴᠡᠨ ᠡᠵᠡᠩᠨᠡᠵᠦ ᠠᠰᠢᠭᠯᠠᠬᠤ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠪᠠ ᠬᠢᠨᠠᠨ ᠬᠠᠮᠢᠶᠠᠷᠤᠯᠲᠠ ᠪᠠᠨ ᠴᠢᠩᠭᠠᠳᠬᠠᠨ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠡᠷᠴᠢᠮ ᠢᠶᠠᠨ ᠴᠢᠩᠭᠠᠷᠠᠭᠤᠯᠤᠨ᠂ ᠣᠯᠠᠨ ᠨᠡᠶᠢᠲᠡ ᠶᠢ ᠬᠥᠲᠥᠯᠥᠨ ᠵᠢᠯᠤᠭᠤᠳᠴᠤ ᠵᠣᠷᠢᠭᠵᠢᠭᠤᠯᠵᠤ ᠪᠠᠶᠢᠭᠠᠳ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠪᠥᠬᠦ ᠠᠶᠢᠮᠠᠭ ᠤᠨ ᠠᠮᠢ ᠠᠬᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠬᠤ ᠬᠡᠷᠡᠭᠲᠠᠢ ᠭᠡᠵᠠᠢ᠃      ᠠᠶᠢᠮᠠᠭ ᠤᠨ ᠤᠳᠤᠷᠢᠳᠤᠯᠭ᠎ᠠ ᠼᠤᠤ ᠸᠧᠨ ᠴᠢᠩ᠂ ᠰᠦᠨ ᠵᠧᠨ ᠵᠢᠶᠠᠩ  ᠪᠣᠳᠠᠲᠠᠢ  ᠠᠵᠢᠯ  ᠢ  ᠪᠠᠶᠢᠷᠢᠯᠠᠭᠤᠯᠵᠠᠢ᠃ ᠬᠤᠷᠠᠯ ᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ︵ᠤᠷᠤᠨ︶ ᠳᠤ ᠬᠦᠷᠲᠠᠯ᠎ᠠ ᠬᠤᠷᠠᠯᠳᠤᠭᠤᠯᠪᠠ᠃                                                     ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号