ᠰᠢᠯᠢ ᠶᠢᠨ ᠭᠤᠤᠯ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠵᠢᠩᠭᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/5/11
     ᠤᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠪᠠᠶᠢᠭᠤᠯᠤᠭᠳᠠᠬᠤ ᠶᠡᠭᠡ ᠬᠤᠷᠠᠯ ᠰᠢᠯᠢ ᠶᠢᠨ ᠬᠤᠲᠠ ᠳᠤ ᠬᠤᠷᠠᠯᠳᠤᠪᠠ᠃ ᠲᠤᠮᠳᠠᠳᠦ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ᠂ ᠦᠪᠦᠷ ᠮᠤᠩᠭᠤᠯ ᠤᠨ ᠠᠳᠤᠭᠤᠨ ᠤ ᠦᠢᠯᠡᠰ ᠤᠨ ᠨᠡᠶᠢᠭᠡᠮᠯᠢᠭ᠂ ᠠᠶᠢᠮᠠᠭ ᠤᠨ ᠵᠠᠬᠢᠷᠭ᠎ᠠ᠂ ᠠᠶᠢᠮᠠᠭ ᠤᠨ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠤᠳᠤᠷᠢᠳᠤᠯᠭ᠎ᠠ᠂ ᠬᠠᠮᠢᠶ᠎ᠠ ᠪᠦᠭᠦᠢ ᠠᠵᠢᠯ ᠲᠦᠷᠦᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠵᠢᠴᠢ ᠰᠢᠯᠢ ᠢᠢᠨ ᠭᠤᠤᠯ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠭᠡᠰᠢᠭᠦᠨ ᠨᠡᠶᠢᠲᠡ 80 ᠭᠠᠷᠤᠢ ᠬᠦᠮᠦᠨ ᠬᠤᠷᠠᠯ ᠳᠤ ᠤᠷᠤᠯᠴᠠᠪᠠ᠃      ᠬᠤᠷᠠᠯ ᠠᠴᠠ ︽ᠰᠢᠯᠢ ᠶᠢᠨ ᠭᠤᠤᠯ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠳᠦᠷᠢᠮ ︵ᠡᠭᠡ ᠨᠤᠤᠷᠠᠭ︶︾ ᠵᠢᠴᠢ ︽ᠰᠢᠯᠢ ᠶᠢᠨ ᠭᠤᠤᠯ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠰᠤᠩᠭᠤᠭᠤᠯᠢ ᠶᠢᠨ ᠠᠷᠭ᠎ᠠ ︵ᠡᠭᠡ ᠨᠤᠤᠷᠠᠭ︶︾  ᠶᠢ ᠬᠢᠨᠠᠨ ᠵᠦᠪᠯᠡᠵᠦ ᠪᠠᠲᠤᠯᠠᠨ᠂ ᠰᠤᠩᠭᠤᠭᠤᠯᠢ ᠪᠠᠷ ᠳᠠᠮᠵᠢᠨ ᠰᠢᠯᠢ ᠶᠢᠨ ᠭᠤᠤᠯ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ᠂ ᠪᠠᠶᠢᠡᠭᠭᠤ ᠶᠢᠨ ᠬᠡᠷᠡᠭ ᠡᠷᠬᠢᠯᠡᠭᠴᠢ᠂ ᠨᠡᠶᠢᠭᠡᠮᠯᠢᠭ  ᠤᠨ  ᠲᠠᠷᠤᠭ᠎ᠠ᠂ ᠳᠡᠳ᠋ ᠲᠠᠷᠤᠭ᠎ᠠ᠂ ᠨᠠᠷᠢᠨ ᠪᠢᠴᠢᠭ ᠤᠨ ᠳᠠᠷᠤᠭ᠎ᠠ ᠶᠢ ᠰᠤᠩᠭᠤᠨ ᠭᠠᠷᠭᠠᠵᠦ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ  ᠫᠷᠤᠹᠧᠰᠰᠤᠷ ᠮᠠᠩᠯᠠᠢ ᠨᠡᠶᠢᠭᠡᠮᠯᠢᠭ ᠤᠨ ᠨᠡᠷ᠎ᠡ ᠬᠦᠨᠳᠦᠲᠦ ᠲᠠᠷᠤᠭ᠎ᠠ ᠪᠠᠷ ᠰᠤᠩᠭᠤᠬᠳᠠᠪᠠ᠃      ᠤᠶᠢᠷ᠎ᠠ ᠶᠢᠨ ᠵᠢᠯ ᠠᠴᠠ ᠨᠠᠭᠠᠰᠢ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠡᠷᠦᠩᠬᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠬᠦᠨᠳᠤ ᠨᠠᠶᠢᠳᠠᠯᠭ᠎ᠠ ᠶᠢ ᠪᠠᠳᠤ ᠴᠡᠭᠡᠵᠢᠯᠡᠵᠤ᠂ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠠᠳᠤᠭᠤᠨ ᠤ ᠠᠵᠤ ᠦᠢᠯᠡᠰ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠤᠭᠰᠠᠭᠠᠷ ᠢᠷᠠᠪᠠ᠃ ᠰᠢᠯᠢ ᠶᠢᠨ ᠭᠤᠤᠯ ᠠᠶᠢᠮᠠᠭ ᠤᠨ ᠠᠳᠤᠭᠤᠨ ᠤ ᠠᠵᠦ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠵᠦ᠂ ᠠᠵᠦ ᠦᠢᠯᠡᠰ ᠤᠨ ᠪᠠᠶᠢᠷᠢᠰᠢᠭᠤᠯᠤᠯᠳᠠ᠂ ᠪᠦᠲᠦᠭᠡᠭᠳᠡᠬᠦᠨ ᠰᠤᠳᠤᠯᠤᠨ ᠨᠡᠭᠡᠭᠡᠭᠦ᠂ ᠨᠡᠷᠡᠳᠦ ᠲᠡᠮᠳᠡᠭ ᠡᠭᠦᠳᠭᠦ᠂ ᠤᠬᠠᠭᠤᠯᠤᠨ ᠲᠠᠨᠢᠯᠴᠠᠭᠤᠯᠬᠤ ᠵᠡᠷᠭᠡ ᠠᠵᠢᠯ ᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠦ᠂ ᠰᠢᠯᠢ ᠶᠢᠨ ᠭᠤᠤᠯ ᠠᠶᠢᠮᠠᠭ ᠤᠨ ᠠᠳᠤᠭᠤᠨ ᠤ ᠠᠵᠦ ᠦᠢᠯᠡᠰ ᠤᠨ ᠶᠡᠷᠦᠩᠭᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠠ ᠵᠠᠬ᠎ᠠ ᠲᠡᠯᠭᠡᠭᠦᠷ ᠤᠨ ᠦᠷᠢᠰᠦᠯᠳᠦᠭᠦ ᠭᠦᠴᠦᠨ ᠢ ᠲᠠᠰᠤᠷᠠᠯᠳᠠ ᠦᠭᠡᠢ ᠲᠡᠭᠡᠭᠰᠢᠯᠡᠭᠦᠯᠪᠡ᠃      ᠰᠢᠯᠢ ᠶᠢᠨ ᠭᠤᠤᠯ ᠠᠶᠢᠮᠠᠭ ᠤᠨ ᠠᠳᠤᠭᠤᠨ ᠤ ᠡᠭᠦᠯᠳᠡᠷ ᠤᠨ ᠡᠬᠢ ᠪᠠᠶᠠᠯᠢᠭ ᠡᠯᠪᠡᠭ᠂ ᠠᠳᠤᠭᠤᠨ ᠤ ᠲᠤᠭ᠎ᠠ 26 ᠲᠦᠮᠡ ᠶᠢ ᠳᠠᠪᠠᠵᠦ᠂ ᠪᠦᠬᠦ ᠤᠷᠤᠨ ᠤ ᠠᠳᠤᠭᠤᠨ ᠤ ᠲᠤᠭ᠎ᠠ ᠶᠢᠨ 30%  ᠶᠢ ᠡᠵᠡᠯᠡᠨ᠂ ᠤᠯᠠᠮᠵᠢᠯᠠᠯᠲᠤ ᠠᠳᠤᠭᠤᠨ ᠤ ᠠᠵᠦ ᠦᠢᠯᠡᠰ ᠨᠢ ᠪᠦᠬᠦ ᠤᠯᠤᠰ ᠲᠤ ᠴᠢᠬᠤᠯᠠ ᠶᠡᠭᠡ ᠪᠠᠶᠢᠷᠢ ᠰᠠᠭᠤᠷᠢ ᠲᠠᠢ ᠪᠢᠯᠡ᠃ ᠭᠦᠨ ᠵᠤᠵᠠᠭᠠᠨ ᠠᠳᠤᠭᠤᠨ ᠰᠤᠶᠤᠯ ᠤᠨ ᠠᠭᠤᠯᠬᠤᠨ ᠵᠢᠴᠢ ᠠᠳᠤᠭᠤᠨ ᠤ ᠠᠵᠦ ᠦᠢᠯᠡᠰ ᠤᠨ ᠰᠠᠭᠤᠷᠢ ᠳᠤ ᠲᠦᠰᠢᠭᠯᠡᠨ᠂ ᠤᠯᠤᠰ ᠤᠨ ᠳᠡᠰ ᠤᠨ ᠮᠤᠩᠭᠤᠯ ᠠᠳᠤᠭᠤᠨ ᠤ ᠬᠠᠮᠠᠭᠠᠯᠠᠯᠲᠠ ᠶᠢᠨ ᠤᠷᠤᠨ᠂ ᠦᠪᠡᠷᠲᠡᠭᠡᠨ ᠵᠠᠰᠠᠬᠤ ᠤᠷᠤᠨ ᠤ ᠳᠡᠰ ᠤᠨ ᠮᠤᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠲᠠᠯᠠᠪᠠᠢ᠂ ᠮᠤᠩᠭᠤᠯ ᠠᠳᠤᠭᠤᠨ ᠤ ᠭᠤᠤᠯᠳᠠᠯᠭᠠᠲᠤ ᠡᠭᠦᠯᠳᠡᠷ ᠪᠤᠶᠢᠵᠢᠭᠤᠯᠬᠤ ᠲᠠᠯᠠᠪᠠᠢ ᠵᠡᠷᠭᠡ ᠶᠢ ᠪᠠᠶᠢᠭᠤᠯᠵᠦ᠂ ᠮᠤᠩᠭᠤᠯ ᠠᠳᠤᠭᠤᠨ ᠤ ᠡᠭᠦᠯᠳᠡᠷ ᠤᠨ ᠡᠭᠢ ᠪᠠᠶᠠᠯᠢᠭ ᠢ ᠪᠦᠳᠦᠮᠵᠢᠳᠠᠢ ᠬᠠᠮᠠᠭᠠᠯᠠᠨ᠂ ᠮᠤᠩᠭᠤᠯ ᠠᠳᠤᠭᠤᠨ ᠤ ᠬᠠᠮᠠᠭᠠᠯᠠᠯᠳᠠ ᠶᠢᠨ  ᠰᠢᠰᠲ᠋ᠧᠮ ᠢ ᠪᠠᠬᠢᠵᠢᠭᠦᠯᠪᠡ᠃ ᠲᠤᠰᠬᠠᠢ ᠬᠡᠷᠡᠭᠯᠡᠬᠡᠨ ᠤ ᠮᠤᠷᠢ ᠪᠤᠶᠢᠵᠢᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠦ᠂ ᠬᠤᠷᠳᠤᠨ ᠤ ᠴᠢᠭᠯᠡᠯ ᠤᠨ ᠰᠢᠯᠢ ᠶᠢᠨ ᠭᠤᠤᠯ ᠤᠨ ᠰᠢᠨ᠎ᠡ ᠡᠭᠦᠯᠳᠡᠷ ᠤᠨ ᠠᠳᠤᠭᠤ ᠶᠢ ᠪᠤᠶᠢᠵᠢᠭᠤᠯᠬᠤ ᠵᠢᠴᠢ ᠰᠦ ᠴᠡᠭᠡ ᠶᠢᠨ ᠭᠡᠷᠡᠭᠯᠡᠭᠡᠨ ᠤ ᠠᠳᠤᠭᠤ  ᠶᠢ ᠪᠤᠶᠢᠵᠢᠭᠤᠯᠬᠤ ᠶᠢ ᠢᠳᠡᠪᠬᠢᠲᠡᠢ ᠠᠬᠢᠭᠤᠯᠦᠨ᠂ ᠰᠢᠯᠢ ᠶᠢᠨ ᠭᠤᠤᠯ ᠤᠨ Pony ᠮᠤᠷᠢᠨ ᠤ ᠨᠡᠷᠡᠲᠦ ᠲᠡᠮᠳᠡᠭ ᠪᠤᠯᠬᠤ ︽ᠵᠢᠭᠠᠬᠠᠨ ᠭᠦᠯᠦᠭ︾ ᠢ ᠪᠤᠶᠢᠵᠢᠭᠤᠯᠵᠦ᠂ ᠴᠡᠭᠡ ᠶᠢᠨ ᠬᠡᠪᠴᠢᠶᠡᠵᠢᠭᠰᠡᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠴᠡᠭᠡ ᠪᠤᠯᠪᠠᠰᠤᠷᠠᠭᠤᠯᠬᠤ ᠠᠵᠦ ᠠᠬᠤᠶᠢᠯᠠᠯ ᠢ ᠪᠦᠬᠦ ᠬᠦᠴᠦᠨ ᠢᠶᠠᠷ ᠪᠠᠶᠢᠭᠤᠯᠤᠨ᠂ ᠭᠡᠭᠡᠯ ᠲᠠᠢ ᠭᠡᠭᠦᠦ ᠶᠢᠨ ᠰᠢᠭᠡᠰᠦ᠂ ᠴᠢᠰᠤ ᠵᠡᠷᠭᠡ ᠠᠳᠤᠭᠤᠨ ᠤ ᠳᠠᠭᠠᠯᠲᠠ ᠪᠦᠲᠦᠭᠡᠭᠳᠡᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠰᠦᠪᠡᠭᠴᠢᠯᠡᠨ ᠰᠤᠳᠤᠯᠵᠦ᠂ ᠠᠳᠤᠭᠤ ᠮᠠᠯᠵᠢᠬᠤ ᠠᠵᠦ ᠠᠬᠤᠢ  ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠳᠡᠭᠡᠭᠰᠢᠯᠡᠭᠦᠯᠪᠡ᠃ ᠠᠳᠤᠭᠤᠨ ᠰᠤᠶᠤᠯ ᠤᠨ ᠲᠦᠪ ᠤᠨ ᠭᠤᠤᠯ ᠲᠤᠭᠤᠷᠢᠭ ᠤᠨ ᠵᠢᠭᠤᠯᠴᠢᠯᠠᠯ ᠤᠨ ᠦᠵᠡᠮᠵᠢ ᠶᠢᠨ ᠤᠷᠤᠨ᠂ ᠴᠠᠭᠠᠨ ᠠᠳᠤᠭᠤᠨ ᠤ ᠰᠤᠶᠤᠯ ᠤᠨ ᠬᠦᠷᠢᠶᠡᠯᠡᠩ ᠵᠡᠷᠭᠡ ᠠᠷᠪᠠ ᠭᠠᠷᠤᠢ ᠭᠤᠤᠯ ᠰᠡᠳᠦᠪᠲᠦ ᠲᠦᠷᠦᠯ ᠵᠦᠢᠯ ᠢ ᠲᠦᠰᠦᠪᠯᠡᠨ ᠪᠠᠶᠢᠭᠤᠯᠵᠦ᠂ ︽ᠮᠤᠩᠭᠤᠯ ᠮᠤᠷᠢᠨ ᠤ ᠵᠤᠷᠢᠭ ᠰᠠᠨᠠᠭ᠎ᠠ ᠬᠤᠨᠳᠠᠭᠠᠲᠤ︾ ᠰᠢᠯᠢ ᠶᠢᠨ ᠭᠤᠤᠯ ᠤᠨ ᠮᠤᠩᠭᠤᠯ ᠮᠤᠷᠢᠨ ᠤ ᠬᠤᠯᠪᠤᠭᠠᠲᠤ ᠤᠷᠤᠯᠳᠤᠭᠠᠨ᠂ ᠴᠠᠭᠠᠨ ᠠᠳᠤᠭᠤᠨ ᠤ ᠰᠤᠶᠤᠯ ᠤᠨ ᠨᠠᠶᠢᠷ᠂ ᠬᠠᠷ᠎ᠠ ᠠᠳᠤᠭᠤᠨ ᠤ ᠰᠤᠶᠤᠯ ᠤᠨ ᠨᠠᠶᠢᠷ ᠵᠡᠷᠭᠡ ᠮᠤᠷᠢᠨ ᠤᠷᠤᠯᠳᠤᠭᠠᠨ ᠤ ᠭᠤᠤᠯ ᠰᠡᠳᠦᠪᠲᠦ ᠠᠵᠢᠯᠯᠠᠭ᠎ᠠ ᠶᠢ ᠲᠦᠰᠦᠪᠯᠡᠨ ᠡᠷᠬᠢᠯᠡᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠠᠷ ᠢ ᠳᠤᠭᠤᠯᠬᠤ ᠳᠤᠭᠤᠷᠢᠯ ᠵᠠᠮ ᠤᠨ ᠤᠷᠤᠯᠳᠤᠭᠠᠨ ᠵᠡᠷᠭᠡ ᠠᠷᠪᠠ ᠭᠠᠷᠤᠢ ᠭᠤᠤᠯ ᠰᠡᠳᠦᠪᠲᠦ ᠰᠤᠳᠤᠨ ᠵᠢᠭᠤᠯᠴᠢᠯᠠᠯ ᠤᠨ ᠱᠤᠭᠤᠮ ᠢ ᠨᠡᠭᠡᠭᠡᠨ ᠭᠦᠭᠵᠢᠭᠦᠯᠪᠡ᠃ᠰᠢᠯᠢ ᠶᠢᠨ ᠭᠤᠤᠯ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠪᠠᠶᠢᠭᠤᠯᠤᠭᠳᠠᠭᠰᠠᠨ ᠨᠢ ᠪᠦᠬᠦ ᠠᠶᠢᠮᠠᠭ ᠤᠨ ᠠᠳᠤᠭᠤᠨ ᠤ ᠠᠵᠦ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠳᠤ ᠭᠦᠴᠦᠳᠡᠢ ᠭᠠᠷᠳᠠᠴᠠ ᠪᠤᠯᠵᠦ᠂ ᠠᠳᠤᠭᠤᠨ ᠤ ᠠᠵᠦ ᠦᠢᠯᠡᠰ ᠤᠨ ᠬᠦᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠰᠤᠳᠤᠯᠬᠤ᠂ ᠵᠠᠬ᠎ᠠ ᠳᠡᠯᠭᠡᠭᠦᠷ ᠤᠨ ᠠᠷᠭ᠎ᠠ ᠵᠠᠮ ᠢ ᠨᠡᠬᠡᠬᠡᠬᠦ᠂ ᠮᠠᠯᠴᠢᠳ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠦᠨ ᠴᠢᠨᠡᠭᠡᠯᠢᠭᠵᠢᠭᠦᠯᠭᠦ᠂ ᠵᠠᠰᠠᠭ ᠤᠨ ᠤᠷᠳᠤᠨ ᠬᠢᠭᠡᠳ ᠠᠵᠦ ᠠᠬᠤᠶᠢᠯᠠᠯ ᠤᠨ ᠬᠦᠭᠦᠷᠭᠡ ᠬᠤᠯᠪᠤᠭᠠᠰᠤ ᠶᠢᠨ ᠦᠢᠯᠡᠳᠦᠯ ᠢ ᠪᠠᠳᠠᠷᠠᠭᠤᠯᠬᠤ᠂ ᠪᠦᠬᠦ ᠠᠶᠢᠮᠠᠭ ᠤᠨ ᠤᠳᠤᠬᠢᠴᠢᠯᠠᠭᠰᠠᠨ ᠠᠳᠤᠭᠤᠨ ᠤ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠵᠡᠷᠭᠡ ᠲᠠᠯ᠎ᠡ ᠪᠠᠷ ᠢᠳᠡᠪᠬᠢᠲᠡᠢ ᠦᠢᠯᠡᠳᠦᠯ ᠦᠵᠡᠭᠦᠯᠬᠦ     ᠪᠤᠯᠤᠨ᠎ᠠ᠃      ᠬᠤᠷᠠᠯ ᠤᠨ ᠬᠤᠭᠤᠴᠠᠭᠠᠨ ᠳᠤ᠂ ᠰᠢᠯᠢ ᠶᠢᠨ ᠭᠤᠤᠯ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠨᠡᠷ᠎ᠡ ᠬᠦᠨᠳᠦᠲᠦ ᠳᠠᠷᠤᠭ᠎ᠠ ᠮᠠᠩᠯᠠᠢ ᠠᠴᠠ ︽ᠦᠵᠡᠯᠲᠡ ᠲᠠᠨᠢᠯᠲᠠ ᠪᠠᠨ ᠬᠤᠪᠢᠷᠠᠭᠤᠯᠵᠦ᠂ ᠠᠵᠦ ᠦᠢᠯᠡᠰ ᠲᠤ ᠠᠩᠬᠠᠷᠤᠯ ᠢᠶᠠᠨ ᠲᠦᠪᠯᠡᠷᠡᠭᠦᠯᠦᠨ᠂ ᠰᠢᠯᠢ ᠶᠢᠨ ᠭᠤᠤᠯ ᠠᠶᠢᠮᠠᠭ ᠤᠨ ᠠᠳᠤᠭᠤᠨ ᠤ ᠠᠵᠦ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠰᠡᠳᠦᠪ ᠤᠨ ᠲᠤᠭᠤᠷᠢᠨ ᠳᠤ ᠲᠤᠰᠬᠠᠢ ᠲᠠᠶᠢᠯᠤᠮᠵᠢ ᠬᠢᠵᠡᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号