ᠨᠢᠭᠡᠳᠦᠭᠡᠷ ᠤᠯᠠᠷᠢᠯ ᠳᠤ ᠪᠥᠬᠦ ᠠᠶᠢᠮᠠᠭ ᠤᠨ ᠠᠵᠤ ᠠᠬᠤᠢ ᠶᠢᠨ ᠬᠥᠭᠵᠢᠯᠲᠡ ᠰᠠᠶᠢᠨ ᠡᠬᠢᠯᠡᠯᠲᠡ ᠲᠠᠢ ᠪᠣᠯᠵᠠᠢ
ᠨᠡᠶᠢᠲᠡᠯᠡᠭᠰᠡᠨ ᠴᠠᠭ᠄
2024/5/11
     ᠵᠢᠯ ᠤᠨ ᠡᠬᠢᠨ ᠠᠴᠠ ᠨᠠᠭᠠᠰᠢ᠂ ᠪᠦᠬᠦ ᠠᠶᠢᠮᠠᠭ ᠤᠨ ᠠᠵᠤ ᠠᠬᠤᠢ ᠦᠷᠭᠦᠯᠵᠢᠯᠡᠨ ᠰᠡᠷᠭᠦᠨ ᠰᠠᠶᠢᠵᠢᠷᠠᠬᠤ ᠬᠠᠨᠳᠤᠰᠢ ᠲᠠᠢ ᠪᠣᠯᠵᠤ᠂ ᠲᠦᠷᠦ ᠶᠢᠨ ᠪᠣᠳᠣᠯᠭ᠎ᠠ ᠶᠢᠨ ᠦᠢᠯᠡᠳᠦᠯ ᠢᠯᠡᠷᠬᠡᠢ ᠪᠤᠯᠵᠦ᠂ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠲᠣᠭᠲᠠᠭᠤᠨ ᠤ ᠳᠤᠮᠳᠠ ᠳᠡᠭᠡᠭᠰᠢᠯᠡᠯᠲᠡ ᠲᠠᠢ ᠪᠣᠯᠵᠤ᠂ ᠵᠠᠬ᠎ᠠ ᠳᠡᠯᠭᠡᠭᠦᠷ ᠤᠨ ᠢᠲᠡᠭᠡᠯ ᠲᠠᠰᠤᠷᠠᠯᠲᠠ ᠦᠭᠡᠢ ᠴᠢᠩᠭᠠᠷᠠᠵᠤ᠂ ᠡᠯ᠎ᠡ ᠬᠦᠷᠢᠶᠡᠨ ᠤ ᠬᠥᠭᠵᠢᠯᠲᠡ ᠰᠠᠶᠢᠨ ᠡᠬᠢᠯᠡᠯᠲᠡ ᠲᠠᠢ ᠪᠣᠯᠪᠠ᠃ ᠨᠢᠭᠡᠳᠦᠭᠡᠷ ᠤᠯᠠᠷᠢᠯ ᠳᠤ ᠪᠥᠬᠦ ᠠᠶᠢᠮᠠᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠥᠷᠲᠡᠭ 252.59 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠵᠡᠢ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2.82 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 146.99 ᠳ᠋ᠦᠩᠰᠢᠭᠤᠷ ᠲᠥᠭᠦᠷᠢᠭ ᠲᠤ ᠬᠦᠷᠴᠦ᠂ 9.3% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 102.78 ᠳ᠋ᠦᠩᠰᠢᠭᠤᠷ ᠲᠥᠭᠦᠷᠢᠭ ᠲᠤ ᠬᠦᠷᠴᠦ᠂ 3.1% ᠪᠠᠷ ᠨᠡᠮᠡᠭᠳᠡᠪᠡ᠃      ᠣᠳᠣᠬᠠᠨ ᠳᠤ᠂ ᠪᠥᠬᠦ ᠠᠶᠢᠮᠠᠭ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠡᠮᠬᠢ ᠵᠢᠷᠤᠮ ᠲᠠᠢ ᠶᠠᠪᠤᠭᠳᠠᠵᠤ᠂ ᠵᠢᠮᠢᠰ ᠨᠣᠭᠤᠭ᠎ᠠ ᠵᠢᠴᠢ ᠮᠥᠭᠦ ᠶᠢᠨ ᠲᠥᠷᠥᠯ ᠤᠨ ᠲᠠᠷᠢᠮᠠᠯ ᠤᠨ ᠪᠠᠶᠢᠳᠠᠯ ᠨᠡᠯᠢᠶᠡᠳ ᠰᠠᠶᠢᠨ ᠪᠠᠶᠢᠨ᠎ᠠ᠃ ᠪᠥᠬᠦ ᠠᠶᠢᠮᠠᠭ ᠤᠨ ᠢᠳᠡᠰᠢᠨ ᠨᠣᠭᠤᠭ᠎ᠠ ᠵᠢᠴᠢ ᠢᠳᠡᠭᠡᠨ ᠤ ᠮᠥᠭᠦ ᠳᠠᠷᠢᠭᠰᠠᠨ ᠲᠠᠯᠠᠪᠠᠶ 46.22 ᠾᠧᠺᠲ᠋ᠠᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 62.1% ᠪᠠᠷ ᠨᠡᠮᠡᠭᠳᠡᠨ᠂ ᠭᠠᠷᠤᠯᠲᠠ ᠨᠢ 800 ᠲᠣᠨ ᠢ    ᠳᠠᠪᠠᠵᠠᠢ᠃ ᠨᠢᠭᠡᠳᠦᠭᠡᠷ ᠤᠯᠠᠷᠢᠯ ᠳᠤ ᠪᠥᠬᠦ ᠠᠶᠢᠮᠠᠭ ᠤᠨ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.0% ᠪᠠᠷ ᠨᠡᠮᠡᠭᠳᠡᠪᠡ᠃      ᠠᠵᠤ ᠦᠢᠯᠡᠳᠪᠦᠷᠢ ᠪᠣᠯ ᠠᠵᠤ ᠠᠬᠤᠢ ᠶᠢᠨ ᠲᠣᠭᠲᠠᠭᠤᠨ ᠨᠡᠮᠡᠭᠳᠡᠯ ᠤᠨ ︽ᠰᠠᠭᠤᠷᠢ ᠴᠢᠯᠠᠭᠤ︾ ᠮᠥᠨ᠂ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭ᠎ᠠ ᠪᠥᠬᠦ ᠠᠶᠢᠮᠠᠭ ᠤᠨ ᠡᠯ᠎ᠡ ᠭᠠᠵᠠᠷ ᠤᠨ ᠲᠥᠷᠥᠯ ᠵᠦᠢᠯ ᠤᠨ ᠭᠤᠣᠯ ᠴᠣᠭᠴᠠ ᠨᠢ ᠠᠵᠢᠯ ᠢᠶᠠᠨ ᠰᠡᠷᠭᠦᠭᠡᠠ ᠦᠢᠯᠡᠳᠪᠦᠷᠢᠯᠡᠯ ᠢᠶᠠᠨ ᠰᠡᠷᠭᠦᠭᠡᠵᠦ᠂ 3 ᠰᠠᠷ᠎ᠠ ᠶᠢᠨ ᠰᠡᠭᠦᠯᠴᠢ ᠪᠣᠯᠲᠠᠯ᠎ᠠ 265 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ ᠬᠡᠪ ᠤᠨ ᠦᠢᠯᠡᠳᠪᠦᠷᠢᠯᠡᠯ ᠢᠶᠠᠨ ᠰᠡᠷᠭᠦᠭᠡᠭᠰᠡᠨ ᠠᠵᠤ ᠠᠬᠤᠶᠢᠯᠠᠯ 205 ᠪᠠᠶᠢᠵᠤ᠂ ᠤᠯᠠᠷᠢᠯ ᠤᠨ ᠴᠢᠨᠠᠷᠲᠠᠢ ᠦᠢᠯᠡᠳᠪᠦᠷᠢᠯᠡᠯ ᠢᠶᠠᠨ ᠵᠣᠭᠰᠣᠭᠠᠬᠰᠠᠨ ᠬᠦᠴᠦᠨ ᠵᠦᠢᠯ ᠢ ᠭᠠᠷᠭᠠᠪᠠᠯ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ 95% ᠳᠤ ᠬᠥᠷᠪᠡ᠃ ᠨᠢᠭᠡᠳᠦᠭᠡᠷ ᠤᠯᠠᠷᠢᠯ ᠳᠤ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.1% ᠪᠠᠷ ᠨᠡᠮᠡᠭᠳᠡᠪᠡ᠂ ᠡᠭᠦᠨ ᠳᠤ ᠠᠭᠤᠷᠬᠠᠢ ᠶᠢᠨ ᠦᠢᠯᠡᠰ ᠤᠨ ᠨᠡᠮᠡᠭᠳᠡᠯ ᠥᠷᠲᠡᠭ 1.8% ᠪᠠᠷ ᠨᠡᠮᠡᠭᠳᠡᠵᠦ᠂ ᠦᠢᠯᠡᠳᠬᠦ ᠦᠢᠯᠡᠰ 65.0% ᠪᠠᠷ ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 15.9% ᠪᠠᠷ ᠨᠡᠮᠡᠭᠳᠡᠪᠡ᠃      ᠦᠢᠯᠡᠴᠢᠯᠡᠭᠡᠨ ᠤ ᠦᠢᠯᠡᠰ ᠲᠣᠭᠲᠠᠭᠤᠨ ᠤ ᠳᠤᠮᠳᠠ ᠨᠡᠮᠡᠭᠳᠡᠯ ᠲᠠᠢ ᠪᠣᠯᠵᠤ᠂ ᠨᠢᠭᠡᠳᠦᠭᠡᠷ ᠤᠯᠠᠷᠢᠯ ᠳᠤ ᠪᠥᠬᠦ ᠠᠶᠢᠮᠠᠭ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ᠂ ᠡᠭᠦᠨ ᠳᠤ ᠠᠳᠠᠯ ᠠᠬᠤᠢ ᠶᠢᠨ ᠬᠠᠮᠢᠶᠠᠷᠤᠯᠲᠠ᠂ ᠲᠦᠷᠢᠶᠡᠰᠦᠯᠡᠭᠦᠯᠬᠦ ᠦᠢᠯᠡᠰ ᠪᠠ ᠣᠷᠴᠢᠨ ᠲᠤᠭᠤᠷᠢᠨ ᠤ ᠵᠠᠰᠠᠯᠲᠠ ᠶᠢᠨ ᠦᠢᠯᠡᠰ ᠤᠨ ᠣᠷᠣᠯᠭ᠎ᠠ ᠴᠥᠮ ᠳᠠᠬᠢᠨ ᠢᠶᠠᠷ ᠨᠡᠮᠡᠭᠳᠡᠵᠦ᠂ ᠡᠵᠡᠩᠨᠡᠯᠲᠡ ᠶᠢᠨ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 3.2 ᠳᠠᠬᠢᠨ᠂ 1 ᠳᠠᠬᠢᠨ ᠪᠠ 1.4 ᠳᠠᠬᠢᠨ ᠢᠶᠠᠷ ᠨᠡᠮᠡᠭᠳᠡᠪᠡ᠃ ᠡᠭᠦᠨ ᠤ ᠵᠡᠷᠭᠡ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠨᠢᠭᠡᠳᠦᠭᠡᠷ ᠤᠯᠠᠷᠢᠯ ᠳᠤ ᠪᠥᠬᠦ ᠠᠶᠢᠮᠠᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 51.89 ᠳ᠋ᠦᠩᠰᠢᠭᠤᠷ ᠲᠥᠭᠦᠷᠢᠭ ᠲᠤ ᠬᠦᠷᠴᠦ᠂ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠬᠠᠩᠭᠠᠯᠭ᠎ᠠ ᠭᠦᠢᠴᠡᠳ᠂ ᠪᠣᠷᠤᠯᠠᠭᠤᠯᠭ᠎ᠠ ᠰᠠᠶᠢᠨ ᠪᠠᠶᠢᠨ᠎ᠠ᠃      ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠶᠢᠨ ᠲᠠᠯ᠎ᠠ ᠪᠠᠷ᠂ ᠨᠢᠭᠡᠳᠦᠭᠡᠷ ᠤᠯᠠᠷᠢᠯ ᠳᠤ ᠪᠥᠬᠦ ᠠᠶᠢᠮᠠᠭ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 11796 ᠲᠥᠭᠦᠷᠢᠭ ᠲᠤ ᠬᠦᠷᠴᠦ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃ ᠬᠤᠲᠠ ᠬᠥᠳᠡᠭᠡ ᠪᠠᠷ ᠬᠤᠪᠢᠶᠠᠵᠤ ᠦᠵᠡᠪᠡᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 13595 ᠲᠥᠭᠦᠷᠢᠭ ᠲᠤ ᠬᠦᠷᠴᠦ᠂ 5.9% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8007 ᠲᠥᠭᠦᠷᠢᠭ ᠲᠤ ᠬᠦᠷᠴᠦ᠂ 6.4% ᠪᠠᠷ ᠨᠡᠮᠡᠭᠳᠡᠨ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠠᠴᠠ 0.5 ᠵᠠᠭᠤᠨ ᠤ ᠨᠢᠭᠡᠴᠢ ᠲᠦᠷᠭᠡᠨ ᠪᠣᠯᠪᠠ᠃ ᠬᠡᠷᠡᠭᠯᠡᠭᠡ ᠶᠢᠨ ᠲᠠᠯ᠎ᠠ ᠪᠠᠷ᠂ ᠨᠢᠭᠡᠳᠦᠭᠡᠷ ᠤᠯᠠᠷᠢᠯ ᠳᠤ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 11.7% ᠪᠠᠷ ᠨᠡᠮᠡᠭᠳᠡᠵᠦ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ 6.9% ᠶᠢᠨ ᠨᠡᠮᠡᠭᠳᠡᠯ ᠤᠨ ᠨᠣᠷᠮ᠎ᠠ ᠠᠴᠠ ᠥᠨᠳᠥᠷ ᠪᠣᠯᠵᠠᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号