︽︿ᠦᠨᠡᠨᠴᠢ ᠰᠢᠳᠤᠷᠭᠤ᠂ ᠠᠷᠢᠭᠤᠨ ᠴᠢᠭᠡᠴᠢ᠂ ᠬᠠᠷᠢᠭᠤᠴᠠᠯᠭ᠎ᠠ ᠡᠭᠦᠷᠭᠡᠯᠡᠬᠦ᠂ ᠰᠢᠨᠵᠢᠯᠡᠬᠦ ᠤᠬᠠᠭᠠᠨᠴᠢ᠂ | ᠦᠨᠡᠨ ᠢ ᠪᠠᠷᠢᠮᠲᠠᠯᠠᠬᠤ᠂ ᠰᠢᠨ᠎ᠡ ᠶᠢ ᠡᠭᠦᠳᠬᠦ﹀ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠵᠣᠷᠢᠭ | ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠠ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠨ᠎ᠠ︾ ᠭᠡᠵᠦ ᠰᠢᠯᠢ ᠶᠢᠨ ᠭᠤᠣᠯ ᠠᠶᠢᠮᠠᠭ ᠤᠨ ᠤᠰᠤᠨ ᠠᠰᠢᠭᠯᠠᠯᠲᠠ ᠶᠢᠨ ᠦᠢᠯᠡᠰ ᠤᠨ | ᠬᠥᠭᠵᠢᠭᠦᠯᠦᠯᠲᠡ ᠶᠢᠨ ᠲᠥᠪ ᠤᠨ ᠳᠡᠭᠡᠳᠦ ᠵᠡᠷᠭᠡ ᠶᠢᠨ ᠢᠨᠵᠧᠨᠧᠷ ᠵᠠᠩ ᠬᠠᠢ ᠬᠤᠸᠠ ᠰᠤᠷᠪᠤᠯᠵᠢᠯᠠᠬᠴᠢ ᠳᠤ | ᠶᠠᠷᠢᠨ᠎ᠠ᠃ ᠡᠨᠡ ᠪᠣᠯ ᠲᠡᠭᠦᠨ ᠤ ᠬᠤᠷᠢ ᠭᠠᠷᠤᠢ ᠵᠢᠯ ᠤᠨ ᠠᠵᠢᠯ ᠤᠨ ᠳᠤᠮᠳᠠᠬᠢ ᠴᠢᠬᠤᠯᠠ ᠪᠠᠷᠢᠮᠲᠠᠯᠠᠯ ᠶᠤᠮ᠃ | ᠣᠶᠢᠷ᠎ᠠ ᠳᠤ᠂ ᠵᠠᠩ ᠬᠠᠢ ᠬᠤᠸᠠ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽5 · | 1︾ ᠤ ᠡᠮᠡᠭᠲᠡᠢ ᠳᠠᠭᠤᠷᠢᠶᠠᠯ ᠤᠨ ᠢᠷᠠᠭᠤ ᠠᠯᠳᠠᠷ ᠢ ᠭᠥᠷᠳᠡᠵᠠᠢ᠃ | ᠲᠠᠷᠢᠶᠠᠯᠠᠬᠤ ᠤᠷᠤᠨ ᠳᠤ ᠲᠦᠷᠦᠵᠦ ᠦᠰᠦᠭᠰᠡᠨ ᠵᠠᠩ ᠬᠠᠢ ᠬᠤᠸᠠ ᠬᠠᠷᠠᠬᠠᠨ ᠪᠠᠭ᠎ᠠ ᠠᠴᠠ ᠪᠠᠨ ᠤᠤᠭᠤᠬᠤ | ᠤᠰᠤᠨ ᠤ ᠬᠦ᠋ᠴᠢᠷᠳᠡᠯ ᠢ ᠰᠠᠶᠢᠨ ᠤᠶᠢᠯᠠᠭᠠᠳᠠᠭ ᠪᠠᠶᠢᠵᠦ᠂ ᠡᠨᠡ ᠬᠦ ᠪᠠᠶᠢᠳᠠᠯ ᠢ ᠬᠤᠪᠢᠷᠠᠭᠤᠯᠬᠤ ᠪᠠᠷ ᠡᠷᠲᠡ ᠵᠣᠷᠢᠭ | ᠰᠢᠭᠤᠳᠤᠬᠰᠠᠨ ᠪᠠᠶᠢᠵᠠᠢ᠃ 2000 ᠣᠨ ᠳᠤ᠂ ᠲᠡᠷᠡ ᠠᠵᠢᠯ ᠤᠨ ᠭᠠᠷᠤᠭ᠎ᠠ ᠪᠠᠨ ᠠᠪᠤᠬᠰᠠᠨ ᠠᠴᠠ ᠤᠳᠤ | ᠪᠤᠯᠲᠠᠯ᠎ᠠ ᠪᠦᠬᠦ ᠠᠶᠢᠮᠠᠭ ᠤᠨ ᠤᠰᠤᠨ ᠠᠰᠢᠭᠯᠠᠯᠲᠠ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠳᠤ 24 ᠵᠢᠯ | ᠤᠶᠤᠨ ᠤᠬᠠᠭᠠᠨ ᠬᠦᠴᠦ ᠬᠦᠯᠦᠰᠦ ᠪᠠᠨ ᠡᠷᠭᠦᠭᠰᠡᠭᠡᠷ ᠢᠷᠡᠵᠠᠢ᠃ ᠬᠤᠷᠢ ᠭᠠᠷᠤᠢ ᠵᠢᠯ ᠤᠨ ᠲᠤᠷᠰᠢ᠂ ᠲᠡᠷᠡ | ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠮᠦᠨ᠎ᠠ ᠹᠷᠣᠨᠲ ᠲᠤ ᠰᠢᠷᠭᠠᠭᠤ ᠬᠠᠲᠠᠭᠤᠵᠢᠯᠲᠠᠢ | ᠠᠵᠢᠯᠯᠠᠠ᠂ ᠪᠦᠬᠦ ᠠᠶᠢᠮᠠᠭ ᠤᠨ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠮᠡᠷᠭᠡᠵᠢᠯ ᠤᠨ ᠭᠤᠣᠯᠯᠠᠭᠴᠢ | ᠬᠦᠴᠦᠨ ᠪᠤᠯᠵᠠᠢ᠃ | ᠤᠯᠠᠨ ᠵᠢᠯ ᠤᠨ ᠲᠤᠷᠰᠢ᠂ ᠵᠠᠩ ᠬᠠᠢ ᠬᠤᠸᠠ ᠤᠨᠤᠯ ᠪᠣᠯᠣᠨ ᠦᠢᠯᠡᠳᠦᠯᠭᠡ ᠶᠢ ᠤᠶᠠᠯᠳᠤᠭᠤᠯᠬᠤ ᠶᠢ | ᠴᠢᠬᠤᠯᠠᠴᠢᠯᠠᠵᠤ᠂ ᠤᠰᠤᠨ ᠠᠰᠢᠭᠯᠠᠯᠲᠠ ᠶᠢᠨ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠢ ᠰᠢᠨ᠎ᠡ ᠮᠡᠷᠭᠡᠵᠢᠯ ᠰᠢᠨ᠎ᠡ | ᠮᠡᠳᠡᠯᠭᠡ ᠶᠢ ᠴᠠᠭ ᠲᠤᠬᠠᠢ ᠳᠤᠨᠢ ᠡᠵᠡᠮᠰᠢᠵᠦ᠂ ᠲᠤᠰ ᠪᠡᠶ᠎ᠡ ᠶᠢᠨ ᠲᠤᠰᠬᠠᠢ ᠮᠡᠷᠭᠡᠵᠢᠯ ᠤᠨ ᠪᠣᠯᠪᠠᠰᠤᠷᠠᠯ ᠪᠣᠯᠣᠨ | ᠤᠰᠤᠨ ᠠᠰᠢᠭᠯᠠᠯᠲᠠ ᠶᠢᠨ ᠦᠢᠯᠡᠰ ᠲᠤ ᠦᠢᠯᠡᠴᠢᠯᠡᠬᠦ ᠴᠢᠳᠠᠪᠤᠷᠢ ᠬᠢᠷᠢ ᠲᠦᠪᠰᠢᠨ ᠢᠶᠠᠨ ᠲᠠᠰᠤᠷᠠᠯᠳᠡ ᠦᠭᠡᠢ | ᠳᠡᠭᠡᠭᠰᠢᠯᠡᠭᠦᠯᠵᠡᠢ᠃ ᠣᠶᠢᠷ᠎ᠠ ᠶᠢᠨ ᠵᠢᠯ ᠠᠴᠠ᠂ ᠲᠡᠷᠡ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ | ᠲᠡᠰ ᠤᠨ ᠰᠡᠳᠬᠦᠯ ᠳᠡᠭᠡᠷ᠎ᠡ ᠤᠯᠠᠨ ᠥᠭᠦᠯᠡᠯ ᠨᠡᠶᠢᠲᠡᠯᠡᠵᠦ᠂ ᠤᠯᠠᠨ ᠤᠳᠠᠭ᠎ᠠ ᠤᠷᠢᠯᠭ᠎ᠠ ᠪᠠᠷ ᠬᠤᠯᠪᠣᠭᠳᠠᠯ ᠪᠦᠬᠦᠢ | ᠪᠠᠶᠢᠭᠤᠯᠭ᠎ᠠ ᠪᠣᠯᠣᠨ ᠬᠤᠰᠢᠭᠤ ᠰᠢᠶᠠᠨ ᠬᠤᠳᠠ ᠳᠤ ᠬᠦᠷᠴᠦ ᠤᠰᠤᠨ ᠠᠰᠢᠭᠯᠠᠯᠲᠠ ᠶᠢᠨ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠥᠷᠨᠢᠭᠦᠯᠦᠭᠰᠡᠨ ᠶᠤᠮ᠃ ᠲᠡᠷᠡ ᠡᠯ᠎ᠡ ᠵᠦᠢᠯ ᠤᠨ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠲᠠᠷᠢᠶᠠᠯᠠᠩ ᠤᠨ ᠤᠰᠤᠨ | ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠲᠦᠷᠦᠯ ᠵᠦᠢᠯ ᠤᠨ ᠲᠥᠯᠦᠪᠵᠢᠭᠦᠯᠭᠡ᠂ ᠵᠢᠷᠤᠭ | ᠲᠥᠯᠥᠪᠯᠡᠭᠡ ᠶᠢᠨ ᠠᠵᠢᠯ ᠳᠤ ᠪᠡᠶ᠎ᠡ ᠪᠠᠷ ᠢᠶᠠᠨ ᠣᠷᠣᠯᠴᠠᠵᠦ᠂ ︽ᠤᠤᠭᠤᠬᠤ ᠤᠰᠤᠨ ᠤ ᠠᠮᠤᠷ ᠲᠦᠪᠰᠢᠨ ᠤ | ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠢ 152᠂ ︽ᠤᠰᠤᠨ ᠳᠤ ᠠᠷᠪᠢᠳᠠᠢ ᠤᠰᠤᠯᠠᠯᠲᠠ ᠶᠢᠨ | ᠢᠨᠵᠧᠨᠧᠷᠢᠩ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ︾ ᠶᠢ 15 ᠶᠢ ᠲᠤᠰᠠᠭᠠᠷ ᠪᠡᠶᠡᠯᠡᠭᠦᠯᠵᠦ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ︾ ᠵᠡᠷᠭᠡ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠴᠢᠬᠤᠯᠠ | ᠲᠥᠯᠦᠪᠵᠢᠭᠦᠯᠭᠡ ᠶᠢᠨ ᠲᠥᠰᠥᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠳᠤ ᠬᠤᠯᠪᠤᠬᠳᠠᠬᠰᠠᠨ 19 | ᠲᠦᠷᠦᠯ ᠵᠦᠢᠯ ᠤᠨ ᠠᠵᠢᠯ ᠳᠤ ᠣᠷᠣᠯᠴᠠᠵᠤ᠂ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠨᠭ᠍ᠭᠠᠯᠭ᠎ᠠ ᠶᠢ | ᠪᠠᠲᠤᠯᠠᠬᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ᠂ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠨᠭ᠍ᠭᠠᠯᠭ᠎ᠠ | ᠤᠰᠤᠨ ᠤ ᠴᠢᠨᠠᠷ ᠢ ᠳᠡᠭᠡᠭᠰᠢᠯᠡᠭᠦᠯᠬᠦ ᠬᠡᠷᠡᠭᠵᠢᠭᠦᠯᠬᠦ ᠲᠥᠰᠥᠯ᠂ ᠮᠠᠯᠵᠢᠬᠤ ᠲᠠᠷᠢᠶᠠᠯᠠᠬᠤ ᠣᠷᠣᠨ ᠤ ᠤᠰᠤᠨ ᠤ | ᠬᠠᠨᠭ᠍ᠭᠠᠯᠭ᠎ᠠ ᠶᠢᠨ ᠴᠢᠨᠠᠷ ᠰᠠᠶᠢᠲᠠᠢ ᠬᠥᠭᠵᠢᠯᠲᠠ ᠶᠢᠨ ᠲᠥᠯᠦᠪᠵᠢᠭᠦᠯᠭᠡ ᠵᠡᠷᠭᠡ 75 ᠲᠥᠷᠥᠯ ᠵᠦᠢᠯ ᠤᠨ ᠠᠵᠢᠯ ᠳᠤ | ᠣᠷᠣᠯᠴᠠᠵᠤ᠂ ᠮᠠᠰᠢ ᠣᠯᠠᠨ ᠢᠨᠵᠧᠨᠧᠷᠢᠩ ᠨᠢ ᠰᠢᠯᠢᠳᠡᠭ ᠢᠨᠵᠧᠨᠧᠷᠢᠩ ᠪᠠ ᠵᠢᠱᠢᠶ᠎ᠡ ᠦᠵᠡᠭᠦᠯᠬᠦ ᠢᠨᠵᠧᠨᠧᠷᠢᠩ ᠢᠶᠠᠷ | ᠦᠨᠡᠯᠡᠭᠳᠡᠪᠡ᠃ | ︽ᠬᠤᠶᠢᠰᠢᠳᠠ ᠶᠢᠨ ᠠᠵᠢᠯ ᠤᠨ ᠳᠤᠮᠳᠠ ᠪᠢ ᠡᠨᠡ ᠬᠦ ᠢᠷᠠᠭᠤ ᠠᠯᠳᠠᠷ ᠢᠶᠠᠨ ᠬᠤᠪᠢ ᠲᠠᠬᠢᠨ ᠨᠠᠨᠳᠢᠩᠨᠠᠵᠤ᠂ | ᠡᠭᠦᠨ ᠢᠶᠠᠷ ᠢᠶᠠᠨ ᠬᠥᠳᠡᠯᠭᠡᠬᠦ ᠬᠦᠴᠦᠨ ᠪᠣᠯᠭᠠᠠ᠂ ᠨᠡᠩ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠦ᠂ | ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯᠯᠠᠵᠤ᠂ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠵᠠᠩ ᠬᠠᠢ ᠬᠤᠸᠠ ᠬᠡᠯᠡᠪᠡ᠃ | |