ᠨᠢᠭᠡ᠂ ᠲᠥᠷᠥ ᠶᠢᠨ ᠪᠣᠳᠣᠯᠭ᠎ᠠ ᠶᠢᠨ ᠲᠡᠦᠬᠡᠲᠦ ᠠᠬᠤᠢ | 2022 ᠣᠨ ᠳᠤ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ | ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠳᠣᠷᠣᠭᠰᠢ ︽ᠲᠠᠷᠢᠶᠠᠨ | ᠭᠠᠵᠠᠷ ᠤᠨ ᠠᠷᠪᠠᠨ ᠨᠢᠭᠡᠨ ᠵᠤᠷᠪᠤᠰ︾ ᠭᠡᠵᠦ ᠲᠣᠪᠴᠢᠯᠠᠪᠠ︶ ᠢ ᠨᠡᠶᠢᠲᠡᠯᠡᠭᠰᠡᠨ ᠤ ᠳᠠᠷᠠᠭ᠎ᠠ᠂ ᠮᠠᠨ ᠤ ᠣᠷᠣᠨ ᠢ | ᠤᠳᠤᠷᠢᠳᠤᠨ ᠳᠠᠭᠠᠭᠤᠯᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ | ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠤᠭᠠᠳ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠭᠦᠢᠴᠡᠳ | ᠨᠤᠲᠠᠯᠠᠯᠲᠠ ᠶᠢ ᠣᠯᠵᠠᠢ᠃ ᠡᠭᠦᠨ ᠤ ᠬᠠᠮᠲᠤ᠂ ᠨᠠᠮ ᠤᠨ ᠲᠥᠪ ᠬᠤᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ | ᠰᠢᠨ᠎ᠡ ᠱᠠᠭᠠᠷᠳᠠᠯᠭ᠎ᠠ ᠳᠤᠷᠠᠳᠴᠤ᠂ ᠮᠠᠨ ᠤ ᠣᠷᠣᠨ ᠤ ᠠᠵᠢᠯ ᠤᠨ ᠳᠤᠮᠳᠠ ᠪᠠᠰᠠ ᠮᠠᠰᠢ ᠣᠯᠠᠨ ᠰᠢᠨ᠎ᠡ ᠵᠠᠭᠪᠤᠷ ᠤᠳ ᠢ | ᠳ᠋ᠦᠩᠨᠡᠨ᠂ ᠵᠠᠷᠢᠮ ᠰᠢᠨ᠎ᠡ ᠠᠰᠠᠭᠤᠳᠠᠯ ᠤᠳ ᠢ ᠢᠯᠡᠷᠡᠭᠦᠯᠦᠭᠰᠡᠨ ᠪᠠᠶᠢᠨ᠎ᠠ᠃ ︽ᠲᠠᠷᠢᠶᠠᠨ ᠭᠠᠵᠠᠷ ᠤᠨ ᠠᠷᠪᠠᠨ ᠨᠢᠭᠡᠨ | ᠵᠤᠷᠪᠤᠰ︾ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠤᠷᠢᠳ ᠢᠶᠠᠷ ᠪᠣᠰᠬᠠᠵᠤ ᠳᠠᠷᠠᠭ᠎ᠠ ᠨᠢ ᠰᠢᠪᠲᠤᠯᠬᠤ︾ | ᠵᠠᠷᠴᠢᠮ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ | ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠭᠠᠳ᠂ ︽ᠲᠠᠷᠢᠶᠠᠨ | ᠭᠠᠵᠠᠷ ᠤᠨ ᠠᠷᠪᠠᠨ ᠨᠢᠭᠡᠨ ᠵᠤᠷᠪᠤᠰ︾ ᠢ ᠰᠢᠨᠡᠳᠬᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠨ᠂ ︽ᠡᠷᠭᠢᠯᠳᠦᠭᠦᠯᠬᠦ — ᠳᠠᠷᠢᠬᠤ — ᠪᠣᠯᠪᠠᠰᠤᠷᠠᠭᠤᠯᠬᠤ — | ᠦᠢᠯᠡᠴᠢᠯᠡᠬᠦ — ᠡᠵᠡᠩᠨᠡᠨ ᠪᠣᠷᠣᠯᠠᠭᠤᠯᠬᠤ︾ ᠪᠥᠬᠦ ᠬᠡᠯᠬᠢᠶ᠎ᠡ ᠶᠢ ᠨᠠᠪᠲᠠᠷᠡᠭᠦᠯᠵᠦ᠂ ᠲᠠᠷᠢᠶᠠᠯᠠᠩ ᠦᠢᠯᠡᠳᠪᠦᠷᠢᠯᠡᠯ ᠤᠨ | ᠠᠷᠭ᠎ᠠ ᠬᠡᠯᠪᠡᠷᠢ ᠶᠢᠨ ᠶᠡᠭᠡ ᠬᠤᠪᠢᠰᠤᠯᠲᠠ ᠶᠢ ᠠᠬᠢᠭᠤᠯᠵᠠᠢ᠃ | ᠬᠤᠶᠠᠷ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠲᠠᠢ ᠬᠠᠷᠢᠴᠠᠭᠤᠯᠪᠠᠯ ᠶᠠᠮᠠᠷ ᠶᠠᠮᠠᠷ ᠬᠤᠪᠢᠷᠠᠯᠲᠠ ᠲᠠᠢ | ᠪᠤᠢ︖ | ︽ᠮᠡᠳᠡᠭᠳᠡᠯ︾ ᠳᠤ 11 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠭ᠎ᠠ ᠶᠢ | ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠭᠤᠣᠯᠳᠠᠭᠤ ᠲᠥᠷᠥ ᠶᠢᠨ ᠪᠣᠳᠣᠯᠭ᠎ᠠ ᠶᠢᠨ ᠲᠥᠰᠥᠪᠯᠡᠯ ᠤᠨ ᠲᠠᠯ᠎ᠠ ᠪᠠᠷ | ᠰᠢᠯᠢᠳᠡᠭᠵᠢᠭᠦᠯᠪᠡ᠃ ᠨᠢᠭᠡ ᠳᠤ ᠦᠨᠡᠯᠡᠨ ᠵᠢᠱᠢᠯᠲᠡ ᠳᠤ ᠣᠷᠣᠰᠢᠵᠤ ᠪᠠᠶᠢᠭ᠎ᠠ 30 ᠵᠦᠢᠯ ᠤᠨ ᠠᠰᠠᠭᠤᠳᠠᠯ ᠢ | ᠦᠨᠳᠦᠰᠦᠯᠡᠨ᠂ 34 ᠵᠦᠢᠯ ᠤᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠨᠡᠮᠡᠪᠡ᠃ ᠬᠤᠶᠠᠷ ᠲᠤ ᠡᠯ᠎ᠡ ᠭᠠᠵᠠᠷ ᠤᠨ | ᠨᠡᠶᠢᠲᠡᠯᠢᠭ ᠲᠤᠷᠰᠢᠯᠭ᠎ᠠ ᠨᠤᠭᠤᠳ ᠲᠠᠢ ᠤᠶᠠᠯᠳᠤᠭᠤᠯᠤᠨ᠂ ᠠᠵᠢᠯ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ᠂ | ᠪᠠᠶᠢᠭᠤᠯᠬᠤ ᠬᠠᠮᠢᠶᠠᠷᠬᠤ ᠡᠵᠡᠩᠨᠡᠬᠦ ᠶᠢ ᠨᠢᠭᠡ ᠴᠣᠭᠴᠠᠵᠢᠭᠤᠯᠬᠤ ᠵᠡᠷᠭᠡ ᠨᠡᠶᠢᠲᠡᠯᠢᠭ ᠵᠠᠭᠪᠤᠷ ᠤᠳ ᠤᠨ ᠣᠯᠠᠰᠢᠷᠠᠬᠤ ᠶᠢ | ᠠᠬᠢᠭᠤᠯᠪᠠ᠃ ᠭᠤᠷᠪᠠ ᠳᠤ ᠲᠥᠷᠥ ᠶᠢᠨ ᠪᠣᠳᠣᠯᠭ᠎ᠠ ᠶᠢᠨ ᠬᠤᠭᠤᠴᠠᠭᠠᠲᠤ ᠴᠢᠨᠠᠷ ᠢ ᠳᠡᠭᠡᠭᠰᠢᠯᠡᠭᠦᠯᠦᠨ᠂ ᠣᠲᠣ ᠶᠢᠨ | ᠬᠡᠷᠡᠭᠵᠢᠭᠦᠯᠵᠦ ᠪᠠᠶᠢᠭ᠎ᠠ ᠪᠢᠴᠢᠭ ᠮᠠᠲ᠋ᠧᠷᠢᠶᠠᠯ ᠳᠠᠬᠢ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ | ᠴᠠᠭᠠᠵᠠᠯᠠᠬᠤ ᠵᠡᠷᠭᠡ ᠬᠤᠶᠠᠷ ᠵᠦᠢᠯ ᠤᠨ ᠠᠷᠭ᠎ᠠ ᠬᠡᠮᠵᠢᠶ᠎ᠡ ᠶᠢ ᠬᠠᠰᠤᠵᠤ᠂ ᠬᠡᠰᠡᠭ ᠬᠠᠷᠢᠭᠤᠴᠠᠬᠤ ᠨᠢᠭᠡᠴᠢ ᠶᠢ | ᠲᠣᠬᠢᠷᠠᠭᠤᠯᠪᠠ᠃ | ᠭᠤᠷᠪᠠ᠂ ᠭᠤᠣᠯ ᠠᠭᠤᠯᠭ᠎ᠠ | ︽ᠮᠡᠳᠡᠭᠳᠡᠯ︾ ᠳᠤ ᠨᠡᠶᠢᠲᠡ ᠠᠷᠪᠠᠨ ᠨᠢᠭᠡᠨ ᠲᠠᠯ᠎ᠠ ᠶᠢ ᠪᠠᠭᠲᠠᠭᠠᠵᠤ᠂ ︽ᠳᠥᠷᠪᠡ ᠶᠢ ᠲᠣᠭᠲᠠᠭᠠᠬᠤ ᠳᠥᠷᠪᠡ ᠶᠢ | ᠠᠳᠬᠤᠬᠤ ᠭᠤᠷᠪᠠ ᠶᠢ ᠪᠠᠲᠤᠯᠠᠬᠤ︾ ᠶᠢ ᠢᠯᠡᠷᠡᠭᠦᠯᠪᠡ᠃ ︽ᠳᠥᠷᠪᠡ ᠶᠢ ᠲᠣᠭᠲᠠᠭᠠᠬᠤ︾ ᠪᠣᠯ ︽ᠪᠠᠷᠢᠮᠵᠢᠶ᠎ᠠ ᠶᠢ | ᠲᠣᠭᠲᠠᠭᠠᠬᠤ᠂ ᠵᠠᠭᠪᠤᠷ ᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ᠂ ᠱᠠᠩᠨᠠᠯ ᠢ ᠲᠣᠭᠲᠠᠭᠠᠬᠤ︾᠂ ︽ | ᠳᠥᠷᠪᠡ ᠶᠢ ᠠᠳᠬᠤᠬᠤ︾ ᠪᠣᠯ ︽ᠲᠥᠰᠥᠪᠯᠡᠯ ᠢ ᠠᠳᠬᠤᠬᠤ᠂ ᠳᠠᠭᠠᠭᠠᠴᠢᠯᠠᠯᠲᠠ ᠵᠠᠷᠯᠠᠬᠤ ᠶᠢ ᠠᠳᠬᠤᠬᠤ᠂ ᠰᠢᠯᠭᠠᠨ | ᠠᠪᠬᠤ ᠶᠢ ᠠᠳᠬᠤᠬᠤ᠂ ᠬᠠᠮᠢᠶᠠᠷᠤᠨ ᠬᠠᠮᠠᠭᠠᠯᠠᠬᠤ ᠶᠢ ᠠᠳᠬᠤᠬᠤ︾᠂ ︽ᠭᠤᠷᠪᠠ ᠶᠢ ᠪᠠᠲᠤᠯᠠᠬᠤ︾ ᠪᠣᠯ ︽ᠪᠡᠯᠡ | ᠮᠥᠩᠭᠦᠨ ᠤ ᠪᠠᠲᠤᠯᠠᠭ᠎ᠠ᠂ ᠶᠠᠰᠤ ᠴᠢᠨᠠᠷ ᠤᠨ ᠪᠠᠲᠤᠯᠠᠭ᠎ᠠ᠂ ᠲᠣᠭᠲᠠᠴᠠ ᠶᠢᠨ ᠪᠠᠲᠤᠯᠠᠭ᠎ᠠ︾ ᠪᠣᠯᠣᠨ᠎ᠠ᠃ | ︵ᠨᠢᠭᠡ︶ ᠳᠥᠷᠪᠡ ᠶᠢ ᠲᠣᠭᠲᠠᠭᠠᠬᠤ᠃ ᠨᠢᠭᠡ ᠳᠤ ᠪᠠᠷᠢᠮᠵᠢᠶ᠎ᠠ ᠶᠢ ᠲᠣᠭᠲᠠᠭᠠᠬᠤ᠂ ᠲᠤᠬᠠᠶᠢᠯᠠᠪᠠᠯ ︽ᠨᠥᠬᠦᠪᠦᠷᠢ | ᠥᠭᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ︾᠂ ᠨᠢᠭᠡᠳᠦᠯᠲᠡᠢ ᠲᠥᠯᠥᠪᠯᠡᠬᠦ ᠪᠡᠯᠡ ᠮᠥᠩᠭᠦᠨ ᠤ ᠠᠷᠭ᠎ᠠ ᠵᠠᠮ ᠢ | ᠲᠣᠳᠣᠷᠬᠠᠶᠢᠯᠠᠨ᠂ ᠬᠤᠲᠠ ᠰᠢᠶᠠᠨ ᠤ ᠢᠵᠢ ᠲᠥᠬᠦᠷ ᠬᠠᠷᠢᠭᠤᠴᠠᠯᠭ᠎ᠠ ᠶᠢ ᠬᠦᠴᠦᠨ ᠦᠭᠡᠢ ᠪᠣᠯᠭᠠᠵᠤ᠂ ᠵᠦᠷᠢᠶᠡᠴᠢᠯᠡᠭᠰᠡᠨ | ᠨᠥᠬᠦᠪᠦᠷᠢ ᠪᠠ ᠪᠡᠯᠡ ᠴᠤᠭᠯᠠᠭᠤᠯᠤᠨ ᠬᠥᠳᠡᠯᠮᠦᠷᠢ ᠣᠷᠣᠭᠤᠯᠬᠤ ᠶᠢ ᠬᠡᠷᠡᠭᠵᠢᠭᠦᠯᠦᠨ᠂ ᠲᠠᠷᠢᠶᠠᠯᠠᠩ ᠳᠤ ᠬᠤᠯᠪᠣᠭᠳᠠᠬᠤ | ᠪᠡᠯᠡ ᠮᠥᠩᠭᠦ ᠪᠠ ᠨᠡᠶᠢᠭᠡᠮ ᠤᠨ ᠬᠥᠷᠥᠩᠭᠡ ᠶᠢ ᠨᠡᠶᠢᠯᠡᠭᠦᠯᠦᠨ᠎ᠡ᠃ ᠬᠤᠶᠠᠷ ᠲᠤ ᠵᠠᠭᠪᠤᠷ ᠢ ᠲᠣᠭᠲᠠᠭᠠᠬᠤ᠂ ᠲᠤᠬᠠᠶᠢᠯᠠᠪᠠᠯ ︽ | ᠨᠡᠮᠡᠭᠳᠡᠯ ᠭᠠᠵᠠᠷ ᠤᠨ ᠳᠠᠯᠳᠠ ᠬᠦᠴᠦᠨ ᠢ ᠠᠭᠤᠳᠠᠯᠵᠤ︾᠂ ︽ᠭᠤᠷᠪᠠ ᠶᠢ ᠬᠦᠴᠦᠨ ᠦᠭᠡᠢ ᠪᠣᠯᠭᠠᠬᠤ ᠲᠠᠪᠤ ᠶᠢ ᠨᠢᠭᠡᠳᠬᠡᠬᠦ | ᠨᠢᠭᠡ ᠶᠢ ᠰᠢᠨᠡᠳᠬᠡᠬᠦ︾ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠲᠣᠳᠣᠷᠬᠠᠢ ᠳᠡᠯᠭᠡᠷᠡᠭᠦᠯᠦᠨ᠂ ︽ᠪᠠᠭ᠎ᠠ ᠲᠠᠷᠢᠶ᠎ᠠ ᠶᠢ | ᠶᠡᠭᠡ ᠲᠠᠷᠢᠶ᠎ᠠ ᠪᠣᠯᠭᠠᠬᠤ︾ ᠶᠢ ᠪᠡᠶᠡᠯᠡᠭᠦᠯᠦᠨ᠎ᠡ᠃ ᠭᠤᠷᠪᠠ ᠳᠤ ᠬᠠᠷᠢᠭᠤᠴᠠᠯᠭ᠎ᠠ ᠶᠢ ᠲᠣᠭᠲᠠᠭᠠᠬᠤ᠂ ᠲᠤᠬᠠᠶᠢᠯᠠᠪᠠᠯ ︽ | ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ︾᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ | ᠭᠤᠣᠯ ᠴᠣᠭᠴᠠ ᠪᠣᠯᠭᠠᠬᠤ ᠶᠢ ᠲᠣᠳᠣᠷᠬᠠᠶᠢᠯᠠᠨ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠰᠠᠯᠠᠭ᠎ᠠ ᠮᠥᠴᠢᠷ ᠠᠵᠢᠯ ᠲᠥᠷᠥᠯ ᠢ ᠬᠢᠨᠠᠨ ᠬᠠᠮᠢᠶᠠᠷᠴᠤ᠂ ᠣᠯᠠᠨ ᠲᠦᠮᠡᠨ ᠢ ᠤᠳᠤᠷᠢᠳᠤᠨ ᠵᠢᠯᠤᠭᠤᠳᠴᠤ | ᠣᠷᠣᠯᠴᠠᠭᠤᠯᠤᠨ᠎ᠠ᠃ ᠳᠥᠷᠪᠡ ᠳᠤ ᠱᠠᠩᠨᠠᠯ ᠢ ᠲᠣᠭᠲᠠᠭᠠᠬᠤ᠂ ᠲᠤᠬᠠᠶᠢᠯᠠᠪᠠᠯ ︽ᠱᠠᠩᠨᠠᠬᠤ ᠲᠣᠭᠲᠠᠴᠠ ᠶᠢ ᠪᠠᠶᠢᠭᠤᠯᠵᠤ︾᠂ | ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠵᠢᠯ ᠪᠦᠷᠢ 2000 ᠲᠦᠮᠡᠨ ᠲᠥᠭᠦᠷᠢᠭ ᠲᠣᠬᠢᠷᠠᠭᠤᠯᠤᠨ᠂ ᠪᠦᠲᠦᠭᠡᠨ | ᠪᠠᠶᠢᠭᠤᠯᠤᠭᠰᠠᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ᠪᠠ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ | ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠶᠢ ᠱᠠᠩᠨᠠᠨ᠎ᠠ᠃ | ︵ᠬᠤᠶᠠᠷ︶ ᠳᠥᠷᠪᠡ ᠶᠢ ᠠᠳᠬᠤᠬᠤ᠃ ᠨᠢᠭᠡ ᠳᠤ ᠲᠥᠰᠥᠪᠯᠡᠯ ᠢ ᠠᠳᠬᠤᠬᠤ᠂ ᠲᠤᠬᠠᠶᠢᠯᠠᠪᠠᠯ ︽ᠡᠮᠦᠨᠡᠬᠢ | ᠬᠤᠭᠤᠴᠠᠭᠠᠨ ᠤ ᠠᠵᠢᠯ ᠢ ᠰᠢᠯᠢᠳᠡᠭᠵᠢᠭᠦᠯᠵᠦ︾᠂ ᠤᠷᠢᠳ ᠢᠶᠠᠷ ᠪᠦᠲᠦᠭᠡᠨ ᠪᠠᠶᠢᠭᠤᠯᠬᠤ ᠳᠠᠷᠠᠭᠠᠯᠠᠯ ᠢ ᠲᠣᠳᠣᠷᠬᠠᠶᠢᠯᠠᠨ᠂ | ᠤᠷᠢᠳᠴᠢᠯᠠᠨ ᠲᠥᠰᠥᠪᠯᠡᠬᠦ ᠶᠢ ᠠᠬᠢᠭᠤᠯᠵᠤ᠂ ︽ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ︾ ᠶᠢ ᠪᠠᠷᠢᠮᠲᠠᠯᠠᠵᠤ᠂ | ᠵᠥᠪᠰᠢᠶᠡᠷᠡᠯ ᠢ ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠯ ᠢ ᠨᠡᠭᠡᠭᠡᠵᠦ᠂ ᠭᠠᠵᠠᠷ ᠰᠣᠩᠭᠤᠬᠤ ᠲᠥᠰᠥᠪᠯᠡᠯ ᠢ | ᠲᠣᠰᠬᠤᠨ ᠤ ᠠᠷᠠᠳ ᠤᠨ ᠬᠤᠷᠠᠯ ᠢᠶᠠᠷ ᠬᠢᠨᠠᠨ ᠲᠣᠭᠲᠠᠭᠠᠯᠭᠠᠬᠤ ᠶᠢ ᠱᠠᠭᠠᠷᠳᠠᠨ᠎ᠠ᠃ ᠬᠤᠶᠠᠷ ᠲᠤ ᠳᠠᠭᠠᠭᠠᠴᠢᠯᠠᠯᠲᠠ | ᠵᠠᠷᠯᠠᠬᠤ ᠶᠢ ᠠᠳᠬᠤᠬᠤ᠂ ᠲᠤᠬᠠᠶᠢᠯᠠᠪᠠᠯ ︽ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠵᠤ︾᠂ | ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠬᠡᠰᠡᠭ ᠤᠨ ᠳᠣᠣᠷᠠᠳᠤ ᠬᠢᠵᠠᠭᠠᠷ ᠢ ᠲᠣᠳᠣᠷᠬᠠᠶᠢᠯᠠᠨ᠂ ᠳᠠᠭᠠᠭᠠᠴᠢᠯᠠᠯᠲᠠ | ᠵᠠᠷᠯᠠᠬᠤ᠂ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠪᠠ ᠥᠯᠢᠭᠡᠷ ᠬᠡᠪ ᠠᠪᠴᠤ ᠳᠠᠭᠠᠭᠠᠴᠢᠯᠠᠯᠲᠠ ᠵᠠᠷᠯᠠᠬᠤ ᠶᠢ | ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠴᠣᠬᠢᠯᠲᠠ ᠥᠭᠭᠦᠨ᠎ᠡ᠃ | ᠭᠤᠷᠪᠠ ᠳᠤ ᠰᠢᠯᠭᠠᠨ ᠠᠪᠬᠤ ᠶᠢ ᠠᠳᠬᠤᠬᠤ᠂ ᠲᠤᠬᠠᠶᠢᠯᠠᠪᠠᠯ ︽ᠰᠢᠯᠭᠠᠨ ᠠᠪᠴᠤ ᠬᠥᠮᠥᠷᠭᠡᠯᠡᠬᠦ ᠶᠢ ᠵᠢᠷᠤᠮᠵᠢᠭᠤᠯᠵᠤ︾᠂ | ᠡᠯ᠎ᠡ ᠱᠠᠲᠤᠨ ᠤ ᠰᠢᠯᠭᠠᠨ ᠠᠪᠬᠤ ᠬᠠᠷᠢᠴᠠᠯ ᠢ ᠨᠡᠮᠡᠭᠳᠡᠭᠦᠯᠦᠨ᠂ ᠱᠠᠲᠤ ᠬᠤᠪᠢᠶᠠᠨ ᠵᠢᠷᠤᠭᠴᠢᠯᠠᠨ ᠬᠥᠮᠥᠷᠭᠡᠯᠡᠵᠦ᠂ ᠬᠢᠷᠢ | ᠲᠡᠩᠴᠡᠬᠦ ᠦᠭᠡᠢ ᠶᠢ ᠨᠢ ᠬᠤᠰᠢᠭᠤ ᠰᠢᠶᠠᠨ ᠥᠪᠡᠷ ᠢᠶᠠᠨ ᠨᠥᠬᠦᠵᠦ ᠪᠠᠶᠢᠭᠤᠯᠤᠨ᠎ᠠ᠃ ᠳᠥᠷᠪᠡ ᠳᠤ ᠬᠠᠮᠢᠶᠠᠷᠴᠤ | ᠬᠠᠮᠠᠭᠠᠯᠠᠬᠤ ᠶᠢ ᠠᠳᠬᠤᠬᠤ᠂ ᠲᠤᠬᠠᠶᠢᠯᠠᠪᠠᠯ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠬᠦ ᠶᠢ ᠲᠣᠳᠣᠷᠬᠠᠶᠢᠯᠠᠵᠤ᠂ ︽ᠬᠡᠨ ᠬᠡᠷᠡᠭᠯᠡᠪᠡᠯ ᠬᠡᠨ ᠬᠠᠮᠢᠶᠠᠷᠴᠤ ᠬᠠᠮᠠᠭᠠᠯᠠᠨ︾᠂ ᠬᠠᠮᠢᠶᠠᠷᠴᠤ | ᠬᠠᠮᠠᠭᠠᠯᠠᠬᠤ ᠪᠡᠯᠡ ᠮᠥᠩᠭᠦ ᠶᠢ ᠣᠯᠠᠨ ᠬᠡᠯᠪᠡᠷᠢ ᠪᠠᠷ ᠴᠤᠭᠯᠠᠭᠤᠯᠵᠤ᠂ ᠬᠤᠳᠳᠤᠭ ᠤᠨ ᠳᠠᠷᠤᠭ᠎ᠠ ᠶᠢᠨ ᠳᠦᠷᠢᠮ᠂ ᠲᠠᠷᠢᠶᠠᠨ | ᠭᠠᠵᠠᠷ ᠤᠨ ᠳᠠᠷᠤᠭ᠎ᠠ ᠶᠢᠨ ᠳᠦᠷᠢᠮ᠂ ᠴᠠᠬᠢᠯᠭᠠᠨ ᠬᠦᠴᠦᠨ ᠤ ᠪᠡᠯᠡᠳᠬᠡᠮᠵᠢ ᠶᠢ ᠲᠥᠪᠯᠡᠷᠡᠭᠦᠯᠦᠨ ᠬᠠᠮᠢᠶᠠᠷᠴᠤ ᠬᠠᠮᠠᠭᠠᠯᠠᠬᠤ | ᠵᠡᠷᠭᠡ ᠬᠠᠮᠢᠶᠠᠷᠴᠤ ᠬᠠᠮᠠᠭᠠᠯᠠᠬᠤ ᠵᠠᠭᠪᠤᠷ ᠤᠳ ᠢ ᠳᠡᠯᠭᠡᠷᠡᠭᠦᠯᠦᠨ᠎ᠡ᠃ | ︵ᠭᠤᠷᠪᠠ︶ ᠭᠤᠷᠪᠠᠨ ᠪᠠᠲᠤᠯᠠᠭ᠎ᠠ᠃ ᠨᠢᠭᠡ ᠳᠤ ᠪᠡᠯᠡ ᠮᠥᠩᠭᠦᠨ ᠤ ᠪᠠᠲᠤᠯᠠᠭ᠎ᠠ᠂ ᠳᠠᠷᠤᠢ ︽ᠪᠡᠯᠡ ᠮᠥᠩᠭᠦᠨ ᠤ | ᠬᠠᠮᠢᠶᠠᠷᠤᠯᠲᠠ ᠶᠢ ᠴᠢᠩᠭᠠᠳᠬᠠᠵᠤ︾᠂ ᠲᠥᠰᠥᠯ ᠤᠨ ᠪᠡᠯᠡ ᠣᠷᠣᠭᠤᠯᠤᠯᠲᠠ ᠶᠢ ︽ᠨᠢᠭᠡ ᠭᠠᠵᠠᠷ ᠢ ᠨᠢᠭᠡ ᠵᠥᠪᠯᠡᠵᠦ︾᠂ | ᠠᠷᠭ᠎ᠠ ᠬᠡᠮᠵᠢᠶᠡᠨ ᠤ ᠲᠣᠬᠢᠷᠠᠭᠤᠯᠤᠯᠲᠠ ᠳᠤ ︽ᠶᠠᠭᠤ ᠳᠤᠲᠠᠪᠠᠯ ᠶᠠᠭᠤ ᠶᠢ ᠨᠥᠬᠦᠪᠦᠷᠢᠯᠡᠵᠦ︾᠂ ᠲᠤᠰᠠᠭᠠᠷ ᠵᠠᠷᠤᠳᠠᠯ ᠤᠨ | ᠳᠡᠭᠡᠳᠦ ᠬᠢᠵᠠᠭᠠᠷ ᠢ ᠴᠢᠩᠭ᠎ᠠ ᠡᠵᠡᠮᠳᠡᠨ᠂ ᠠᠬᠢᠴᠠ ᠶᠢᠨ ᠶᠣᠰᠣᠭᠠᠷ ᠪᠠᠷᠢᠯᠭ᠎ᠠ ᠶᠢᠨ ᠵᠣᠭᠤᠰ ᠢ ᠱᠠᠲᠤ ᠬᠤᠪᠢᠶᠠᠨ ᠥᠭᠭᠦᠨ᠎ᠡ᠃ | ᠬᠤᠶᠠᠷ ᠲᠤ ᠶᠠᠰᠤ ᠴᠢᠨᠠᠷ ᠤᠨ ᠪᠠᠲᠤᠯᠠᠭ᠎ᠠ᠂ ᠲᠤᠬᠠᠶᠢᠯᠠᠪᠠᠯ ︽ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠵᠤ︾ | ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠥᠪᠡᠷ ᠤᠨ ᠱᠠᠭᠠᠷᠳᠠᠯᠭ᠎ᠠ ᠪᠠ ᠣᠯᠠᠨ | ᠲᠦᠮᠡᠨ ᠤ ᠬᠢᠨᠠᠯᠲᠠ ᠲᠠᠯᠪᠢᠯᠲᠠ ᠪᠠᠷ ᠳᠠᠮᠵᠢᠭᠤᠯᠤᠨ ︽ᠨᠢᠭᠡ ᠶᠢ ᠪᠠᠶᠢᠭᠤᠯᠪᠠᠯ ᠨᠢᠭᠡ ᠶᠢ ᠪᠦᠲᠦᠭᠡᠨ᠎ᠡ︾᠃ ᠭᠤᠷᠪᠠ ᠳᠤ | ᠲᠣᠭᠲᠠᠴᠠ ᠶᠢᠨ ᠪᠠᠲᠤᠯᠠᠭ᠎ᠠ᠂ ᠲᠤᠬᠠᠶᠢᠯᠠᠪᠠᠯ ︽ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ︾᠂ ᠲᠠᠷᠢᠶᠠᠨ | ᠭᠠᠵᠠᠷ ᠲᠤ ᠴᠠᠬᠢᠯᠭᠠᠨ ᠬᠠᠩᠭᠠᠬᠤ ᠢᠨᠵᠧᠨᠧᠷᠢᠩ ᠤᠨ ︽ᠪᠠᠶᠢᠭᠤᠯᠬᠤ ᠬᠠᠮᠢᠶᠠᠷᠬᠤ ᠡᠵᠡᠩᠨᠡᠬᠦ︾ ᠶᠢ ᠨᠢᠭᠡ | ᠴᠣᠭᠴᠠᠵᠢᠭᠤᠯᠬᠤ ᠶᠢ ᠳᠡᠯᠭᠡᠷᠡᠭᠦᠯᠵᠦ᠂ ᠠᠵᠢᠯ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠦᠨ᠂ ︽ | ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠵᠦ᠂ ᠰᠢᠨ᠎ᠡ | ᠮᠡᠷᠭᠡᠵᠢᠯ᠂ ᠰᠢᠨ᠎ᠡ ᠵᠠᠭᠪᠤᠷ ᠤᠨ ᠣᠯᠠᠰᠢᠷᠠᠬᠤ ᠶᠢ ᠠᠬᠢᠭᠤᠯᠤᠨ᠎ᠠ᠃ | ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠢ | ᠵᠡᠷᠭᠡ ᠳᠤ ᠨᠢ ᠬᠦᠴᠦᠨ ᠦᠭᠡᠢ ᠪᠣᠯᠭᠠᠨ᠎ᠠ᠃ |