ᠰᠢᠯᠢ ᠶᠢᠨ ᠭᠤᠣᠯ ᠠᠶᠢᠮᠠᠭ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/5/11
     ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠮᠠᠨ ᠤ ᠠᠶᠢᠮᠠᠭ ᠲᠤ ᠪᠦᠬᠦ ᠲᠠᠯ᠎ᠠ ᠪᠠᠷ ᠥᠷᠨᠢᠭᠦᠯᠦᠭᠰᠡᠨ ᠠᠴᠠ ᠨᠠᠭᠠᠰᠢ᠂ ᠡᠯ᠎ᠡ ᠪᠠᠶᠢᠭᠤᠯᠭ᠎ᠠ ᠨᠢᠭᠡᠴᠢ ᠶᠢᠨ ᠬᠢᠨ ᠳᠠᠷᠦ᠋ᠢᠬᠠᠨ ᠬᠥᠳᠡᠯᠦᠯᠴᠡᠵᠦ᠂ ᠨᠠᠮ ᠤᠨ ᠰᠠᠬᠢᠯᠭ᠎ᠠ  ᠪᠠᠲᠤ  ᠶᠢᠨ  ᠰᠤᠷᠤᠯᠴᠠᠯᠭ᠎ᠠ  ᠬᠥᠮᠦᠵᠢᠯ  ᠢ  ᠥᠷᠨᠢᠭᠦᠯᠬᠦ  ᠶᠢ  ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠶᠢᠳᠠᠪᠤᠷᠢᠵᠢᠭᠤᠯᠤᠯᠳᠠ ᠶᠢ ᠯᠠᠪᠳᠠᠭᠤᠨ ᠠᠬᠢᠭᠤᠯᠵᠦ ᠪᠤᠢ᠃      4 ᠰᠠᠷ᠎ᠠ ᠶᠢᠨ 23 ᠠᠴᠠ 24 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠬᠢᠯᠡᠵᠦ᠂ ᠤᠨᠤᠯ ᠰᠤᠷᠤᠯᠴᠠᠬᠤ ᠭᠤᠣᠯ ᠳᠤᠭᠤᠶᠢᠯᠠᠩ ᠰᠤᠷᠤᠯᠴᠠᠬᠤ᠂ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ᠂ ᠲᠥᠪᠯᠡᠷᠡᠭᠦᠯᠦᠨ ᠰᠤᠷᠤᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠶᠢᠳᠬᠡᠯ ᠥᠭᠬᠦ ᠳᠦᠷᠢᠮ︾  ᠢ ᠪᠦᠯᠦᠭ ᠵᠤᠷᠪᠤᠰ ᠳᠠᠷᠠᠭᠠᠯᠠᠨ ᠰᠤᠷᠤᠯᠴᠠᠪᠠ᠃      ᠣᠶᠢᠷ᠎ᠠ ᠳᠤ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠠ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠶᠢᠳᠬᠡᠯ ᠥᠭᠬᠦ ᠳᠦᠷᠢᠮ︾ ᠤᠨ ᠠᠭᠤᠯᠭ᠎ᠠ ᠶᠢ ᠪᠦᠯᠦᠭ ᠵᠤᠷᠪᠤᠰ ᠳᠠᠷᠠᠭᠠᠯᠠᠨ ᠰᠤᠷᠤᠯᠴᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠹᠢᠯᠢᠮ  ᠦᠵᠡᠵᠦ᠂ ᠬᠤᠷᠠᠯ ᠳᠤ ᠣᠷᠣᠯᠴᠠᠭᠰᠠᠳ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠤᠯᠤᠰ ᠲᠥᠷᠥ ᠶᠢᠨ ᠰᠠᠬᠢᠯᠭ᠎ᠠ ᠪᠠᠲᠤ ᠶᠢ ᠲᠡᠷᠢᠭᠦᠨ ᠪᠠᠶᠢᠷᠢᠨ ᠳᠤ ᠲᠠᠯᠪᠢᠵᠦ᠂ ᠬᠡᠷᠡᠭ ᠢᠶᠠᠷ ᠲᠣᠯᠢ ᠪᠣᠯᠭᠠᠨ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠦ᠂ ᠢᠮᠠᠬᠳᠠ ᠰᠡᠷᠭᠡᠭ ᠪᠠᠶᠢᠳᠠᠯ ᠢ ᠪᠠᠲᠤᠯᠠᠨ᠂ ᠬᠤᠷᠢᠭ᠎ᠠ ᠱᠤᠭᠤᠮ ᠢ ᠰᠠᠬᠢᠬᠤ ᠶᠢ ᠪᠡᠶᠡᠯᠡᠭᠦᠯᠵᠦ᠂ ᠢᠯᠵᠠᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠨ ᠴᠢᠩᠭᠠᠳᠬᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠬᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠳᠣᠲᠣᠭᠠᠳᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠶᠢᠯᠭ᠎ᠠ ᠭᠠᠷᠭᠠᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠪᠣᠯᠣᠨ ᠠᠷᠠᠳ ᠲᠦᠮᠡᠨ ᠳᠤ ᠰᠢᠯᠢᠳᠡᠭ ᠰᠢᠯᠭᠠᠯᠲᠠ ᠶᠢᠨ ᠬᠠᠭᠤᠳᠠᠰᠤ ᠲᠤᠰᠢᠶᠠᠨ᠎ᠠ ᠭᠡᠪᠡ᠃      ᠣᠶᠢᠷ᠎ᠠ ᠶᠢᠨ ᠡᠳᠦᠷ ᠤᠳ ᠲᠤ᠂ ᠠᠶᠢᠮᠠᠭ ᠤᠨ ᠡᠮᠡᠭᠲᠡᠶᠢᠴᠦᠳ ᠤᠨ ᠬᠤᠯᠪᠣᠭᠠᠳᠦ ᠬᠤᠷᠠᠯ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢᠨ ᠬᠢᠨ ᠲᠥᠪᠯᠡᠷᠡᠭᠦᠯᠦᠨ ᠰᠤᠷᠤᠯᠴᠠᠬᠤ᠂ ᠲᠤᠰᠬᠠᠢ ᠮᠡᠷᠭᠡᠵᠢᠯᠲᠡᠨ ᠢᠶᠠᠷ ᠬᠠᠪᠰᠤᠷᠤᠨ ᠵᠢᠯᠤᠭᠤᠳᠤᠭᠤᠯᠬᠤ᠂ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠬᠡᠯᠪᠡᠷᠢ ᠪᠠᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠶᠢᠳᠬᠡᠯ ᠥᠭᠬᠦ ᠳᠦᠷᠢᠮ︾  ᠢ ᠰᠤᠷᠤᠯᠴᠠᠵᠤ᠂ ᠪᠠᠭ ᠤᠨ ᠪᠦᠷᠢᠯᠳᠦᠭᠦᠨ ᠵᠢᠴᠢ ᠡᠯ᠎ᠡ ᠭᠡᠯᠳᠡᠰ ᠳᠠᠰᠤᠭ ᠤᠨ ᠬᠠᠷᠢᠭᠤᠴᠠᠯᠭᠠᠲᠠᠨ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠶᠢᠳᠬᠡᠯ ᠥᠭᠬᠦ ᠳᠦᠷᠢᠮ︾  ᠢ ᠰᠤᠷᠤᠯᠴᠠᠬᠤ ᠶᠢᠨ ᠲᠣᠭᠤᠷᠢᠨ ᠳᠤ ᠣᠶᠢᠯᠠᠭᠠᠯᠲᠠ ᠲᠦᠷᠦᠭᠳᠡᠯ ᠢᠶᠠᠨ ᠰᠣᠯᠢᠯᠴᠠᠪᠠ᠃     ᠮᠠᠨ ᠤ ᠠᠶᠢᠮᠠᠭ ᠤᠨ ᠥᠷᠭᠡᠨ ᠣᠯᠠᠨ ᠨᠠᠮ ᠤᠨ ᠭᠡᠰᠢᠭᠦᠨ ᠢᠯᠡᠷᠭᠡᠶᠢᠯᠡᠬᠦ ᠳᠡᠭᠡᠨ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠳᠡᠭᠡᠭᠰᠢᠯᠡᠬᠦᠯᠦᠨ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠠᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠤᠶᠠᠯᠳᠤᠭᠤᠯᠵᠤ᠂ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠠᠳᠤᠯᠠᠨ᠎ᠠ ᠭᠡᠵᠠᠢ᠃    
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号