ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 5 ᠰᠠᠷ᠎ᠠ ᠶᠢᠨ 14 ᠤ ᠡᠳᠦᠷ ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠪᠠ ᠳ᠋ᠠ ᠯᠢᠩ | ᠪᠠᠯᠭᠠᠰᠤᠨ ᠤ ᠱᠢ ᠰᠢᠶᠠ ᠲᠣᠰᠬᠤᠨ ᠤ ᠨᠤᠲᠤᠭ ᠤᠨ ᠠᠬ᠎ᠠ ᠳᠡᠭᠦᠦ ᠨᠠᠷ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠳᠤ | ᠬᠠᠯᠠᠭᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠤᠷᠠᠳᠪᠠ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠡᠳᠡᠭᠡᠷ ᠵᠢᠯ ᠤᠳ ᠲᠤ ᠲᠠ ᠨᠠᠷ ᠰᠠᠶᠢᠨ ᠳᠤᠷ᠎ᠠ ᠠᠴᠠ ᠪᠠᠨ ᠤᠷᠳᠤ | ᠴᠠᠭᠠᠨ ᠬᠡᠷᠡᠮ ᠢ ᠰᠠᠬᠢᠨ ᠬᠠᠮᠠᠭᠠᠯᠠᠵᠤ᠂ ᠤᠷᠳᠤ ᠴᠠᠭᠠᠨ ᠬᠡᠷᠡᠮ ᠤᠨ ᠰᠣᠶᠣᠯ ᠢ ᠤᠯᠠᠮᠵᠢᠯᠠᠨ ᠵᠠᠯᠭᠠᠮᠵᠢᠯᠠᠭᠰᠠᠨ ᠪᠥᠭᠡᠳ | ᠤᠷᠳᠤ ᠴᠠᠭᠠᠨ ᠬᠡᠷᠡᠮ ᠤᠨ ᠡᠬᠢ ᠪᠠᠶᠠᠯᠢᠭ ᠲᠤ ᠲᠦᠰᠢᠭᠯᠡᠨ ᠪᠠᠶᠠᠵᠢᠯ ᠤᠨ ᠵᠠᠮ ᠢᠶᠠᠷ ᠵᠠᠮᠨᠠᠭᠰᠠᠨ ᠳᠤ ᠪᠢ ᠮᠠᠰᠢ ᠪᠠᠶᠠᠷᠯᠠᠵᠤ | ᠪᠠᠶᠢᠨ᠎ᠠ ᠭᠡᠵᠡᠢ᠃ | ᠰᠢ ᠶᠢᠨ ᠫᠢᠩ᠂ ᠤᠷᠳᠤ ᠴᠠᠭᠠᠨ ᠬᠡᠷᠡᠮ ᠪᠣᠯ ᠳᠤᠮᠳᠠᠳᠤ ᠶᠢᠨ ᠦᠨᠳᠦᠰᠦᠲᠡᠨ ᠤ ᠲᠥᠯᠥᠭᠡᠯᠡᠬᠦ ᠴᠢᠨᠠᠷᠲᠠᠢ ᠲᠡᠮᠳᠡᠭ | ᠪᠠ ᠳᠤᠮᠳᠠᠳᠤ ᠶᠢᠨ ᠪᠣᠯᠪᠠᠰᠤᠨ ᠤ ᠴᠢᠬᠤᠯᠠ ᠪᠡᠯᠭᠡ ᠲᠡᠮᠳᠡᠭ ᠮᠥᠨ᠃ ᠲᠡᠭᠦᠨ ᠳᠤ ᠳᠤᠮᠳᠠᠳᠤ ᠶᠢᠨ ᠦᠨᠳᠦᠰᠦᠲᠡᠨ ᠤ | ᠬᠦᠴᠦᠷᠬᠡᠭᠵᠢᠬᠦ ᠪᠠᠷ ᠴᠢᠷᠮᠠᠶᠢᠬᠤ ᠲᠡᠮᠡᠴᠡᠯ ᠤᠨ ᠵᠣᠷᠢᠭ ᠰᠠᠨᠠᠭ᠎ᠠ ᠪᠠ ᠤᠯᠠᠨ ᠢᠶᠠᠷ ᠢᠶᠠᠨ ᠵᠣᠷᠢᠭ ᠨᠢᠭᠡᠳᠴᠦ᠂ ᠨᠤᠭᠤᠷᠠᠰᠢ | ᠦᠭᠡᠢ ᠪᠠᠲᠤ ᠴᠢᠩᠭ᠎ᠠ ᠤᠯᠤᠰ ᠢᠶᠠᠨ ᠬᠠᠶᠢᠷᠠᠯᠠᠬᠤ ᠰᠡᠳᠬᠢᠯᠭᠡ ᠰᠢᠩᠭᠡᠵᠦ ᠪᠤᠢ᠃ ᠡᠨᠡ ᠬᠦ ᠲᠡᠦᠬᠡ ᠰᠣᠶᠣᠯ ᠤᠨ ᠥᠪ ᠢ | ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠬᠤ ᠪᠣᠯ ᠪᠢᠳᠡᠨ ᠤ ᠬᠠᠮᠲᠤ ᠶᠢᠨ ᠬᠠᠷᠢᠭᠤᠴᠠᠯᠭ᠎ᠠ ᠮᠥᠨ᠃ ᠤᠯᠠᠨ ᠢᠶᠠᠷ ᠢᠶᠠᠨ | ᠦᠷᠭᠦᠯᠵᠢᠯᠡᠨ ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠵᠢᠳᠬᠦᠵᠦ᠂ ᠭᠡᠷ ᠣᠷᠣᠨ ᠢᠶᠠᠨ ᠰᠠᠬᠢᠨ ᠬᠠᠮᠠᠭᠠᠯᠠᠬᠤ ᠲᠠᠢ | ᠠᠳᠠᠯᠢ ᠪᠠᠷ ᠤᠷᠳᠤ ᠴᠠᠭᠠᠨ ᠬᠡᠷᠡᠮ ᠢᠶᠠᠨ ᠰᠠᠶᠢᠲᠤᠷ ᠰᠠᠬᠢᠨ ᠬᠠᠮᠠᠭᠠᠯᠠᠵᠤ᠂ ᠤᠷᠳᠤ ᠴᠠᠭᠠᠨ ᠬᠡᠷᠡᠮ ᠤᠨ ᠰᠣᠶᠣᠯ ᠢ | ᠪᠠᠳᠠᠷᠠᠭᠤᠯᠵᠤ᠂ ᠤᠷᠳᠤ ᠴᠠᠭᠠᠨ ᠬᠡᠷᠡᠮ ᠤᠨ ᠦᠯᠢᠭᠡᠷ ᠢ ᠰᠠᠶᠢᠲᠤᠷ ᠶᠠᠷᠢᠵᠤ᠂ ᠨᠡᠩ ᠤᠯᠠᠨ ᠬᠥᠮᠥᠨ ᠢ ᠲᠠᠶᠢᠴᠢᠯᠠᠨ ᠤᠷᠳᠤ | ᠴᠠᠭᠠᠨ ᠬᠡᠷᠡᠮ ᠢ ᠣᠶᠢᠯᠠᠭᠠᠭᠤᠯᠵᠤ᠂ ᠤᠷᠳᠤ ᠴᠠᠭᠠᠨ ᠬᠡᠷᠡᠮ ᠢ ᠬᠠᠮᠠᠭᠠᠯᠠᠵᠤ᠂ ᠡᠪᠦᠭᠡ ᠳᠡᠭᠡᠳᠦᠰ ᠤᠨ ᠦᠯᠡᠳᠡᠭᠡᠭᠰᠡᠨ ᠡᠨᠡ | ᠬᠦ ᠬᠤᠪᠣᠷ ᠨᠠᠨᠳᠢᠨ ᠥᠪ ᠬᠥᠷᠥᠩᠭᠡ ᠶᠢ ᠦᠶ᠎ᠡ ᠶᠢᠨ ᠦᠶ᠎ᠡ ᠳᠤ ᠤᠯᠠᠮᠵᠢᠯᠠᠵᠤ᠂ ᠨᠡᠶᠢᠭᠡᠮ ᠵᠢᠷᠤᠮᠲᠤ ᠰᠣᠶᠣᠯ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ | ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠤᠷᠳᠤ ᠴᠠᠭᠠᠨ ᠬᠡᠷᠡᠮ ᠪᠣᠯ ᠮᠠᠨ ᠤ ᠤᠯᠤᠰ ᠤᠨ ᠤᠳᠤ ᠪᠠᠶᠢᠭ᠎ᠠ ᠬᠡᠪᠴᠢᠶ᠎ᠡ ᠪᠠᠷ ᠬᠠᠮᠤᠭ ᠤᠨ ᠶᠡᠭᠡ ᠰᠣᠶᠣᠯ ᠤᠨ | ᠥᠪ ᠮᠥᠨ᠃ 1984 ᠣᠨ ᠳᠤ᠂ ᠳ᠋ᠧᠩ ᠰᠢᠶᠣᠣ ᠫᠢᠩ᠂ ᠰᠢ ᠵᠦᠩ ᠰᠢᠶᠦ᠋ᠨ ᠵᠡᠷᠭᠡ ᠤᠳᠤᠷᠢᠳᠬᠤ ᠨᠥᠬᠦᠳ | ᠨᠡᠶᠢᠰᠯᠡᠯ ᠤᠨ ᠵᠠᠷᠢᠮ ᠨᠢᠭᠡᠴᠢ ᠶᠢᠨ ᠰᠠᠨᠠᠭᠠᠴᠢᠯᠠᠭᠰᠠᠨ ︽ᠳᠤᠮᠳᠠᠳᠤ ᠤᠯᠤᠰ ᠢᠶᠠᠨ ᠬᠠᠶᠢᠷᠠᠯᠠᠵᠤ ᠤᠷᠳᠤ ᠴᠠᠭᠠᠨ ᠬᠡᠷᠡᠮ ᠢᠶᠠᠨ | ᠰᠡᠷᠭᠦᠭᠡᠨ ᠵᠠᠰᠠᠰᠤᠭᠠᠢ︾ ᠭᠡᠬᠦ ᠠᠵᠢᠯᠯᠠᠭ᠎ᠠ ᠳᠤ ᠪᠢᠴᠢᠭᠡᠰᠦ ᠪᠢᠴᠢᠵᠦ ᠥᠭᠭᠦᠨ᠂ ᠤᠯᠤᠰ ᠤᠨ ᠳᠣᠲᠣᠭᠠᠳᠤ ᠭᠠᠳᠠᠭᠠᠳᠤ ᠶᠢᠨ | ᠳᠤᠮᠳᠠᠳᠤ ᠶᠢᠨ ᠬᠥᠪᠡᠭᠦᠳ ᠥᠬᠢᠳ ᠤᠨ ᠤᠷᠳᠤ ᠴᠠᠭᠠᠨ ᠬᠡᠷᠡᠮ ᠢ ᠬᠠᠮᠠᠭᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠣᠷᠳᠣ ᠴᠠᠭᠠᠨ ᠬᠡᠷᠡᠮ ᠤᠨ | ᠰᠣᠶᠣᠯ ᠤᠨ ᠦᠨ᠎ᠡ ᠥᠷᠲᠡᠭ ᠢ ᠠᠭᠤᠳᠠᠯᠬᠤ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠥᠪ ᠢ ᠤᠯᠠᠮᠵᠢᠯᠠᠨ | ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ ᠣᠷᠳᠣ | ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠠᠬᠢᠭᠤᠯᠪᠠ᠃ | ᠣᠶᠢᠷ᠎ᠠ ᠶᠢᠨ ᠡᠳᠦᠷ᠂ ᠪᠡᠭᠡᠵᠢᠩ ᠬᠤᠳᠠ ᠶᠢᠨ ᠪᠠ ᠳ᠋ᠠ ᠯᠢᠩ ᠳᠠᠪᠠᠭ᠎ᠠ ᠶᠢᠨ ᠤᠷᠳᠤ ᠴᠠᠭᠠᠨ ᠬᠡᠷᠡᠮ ᠤᠨ ᠬᠤᠷᠮᠣᠢ ᠳᠠᠬᠢ ᠱᠢ | ᠰᠢᠶᠠ ᠲᠣᠰᠬᠤᠨ ᠤ ᠠᠷᠠᠳ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠤᠷᠳᠤ ᠴᠠᠭᠠᠨ ᠬᠡᠷᠡᠮ ᠤᠨ | ᠬᠠᠮᠠᠭᠠᠯᠠᠯᠲᠠ ᠶᠢᠨ ᠠᠵᠢᠯ ᠳᠤ ᠰᠠᠶᠢᠨ ᠳᠤᠷ᠎ᠠ ᠠᠴᠠ ᠪᠠᠨ ᠤᠷᠤᠯᠴᠠᠬᠰᠠᠨ ᠪᠠ ᠲᠣᠰᠬᠤᠨ ᠤ ᠬᠥᠭᠵᠢᠯᠲᠡ ᠬᠤᠪᠢᠷᠠᠯᠲᠠ | ᠵᠡᠷᠭᠡ ᠪᠠᠶᠢᠳᠠᠯ ᠢᠶᠠᠨ ᠬᠠᠷᠢᠭᠤ ᠮᠡᠳᠡᠭᠦᠯᠵᠦ᠂ ᠦᠷᠭᠦᠯᠵᠢᠯᠡᠨ ᠤᠷᠳᠤ ᠴᠠᠭᠠᠨ ᠬᠡᠷᠡᠮ ᠢ ᠰᠠᠬᠢᠨ ᠬᠠᠮᠠᠭᠠᠯᠠᠬᠤ᠂ ᠤᠷᠳᠤ | ᠴᠠᠭᠠᠨ ᠬᠡᠷᠡᠮ ᠤᠨ ᠰᠣᠶᠣᠯ ᠢ ᠤᠯᠠᠮᠵᠢᠯᠠᠬᠤ ᠵᠣᠷᠢᠭ ᠢᠶᠠᠨ ᠢᠯᠡᠳᠬᠡᠵᠡᠢ᠃ |