ᠮᠠᠨ ᠤ ᠠᠶᠢᠮᠠᠭ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ 24 ᠴᠠᠭ ᠤᠨ ᠥᠪᠡᠰᠦᠪᠡᠨ ᠦᠢᠯᠡᠴᠢᠯᠡᠬᠦ ᠲᠤᠭᠤᠷᠢᠭ ᠢ ᠪᠠᠶᠢᠭᠤᠯᠪᠠ
ᠨᠡᠶᠢᠲᠡᠯᠡᠭᠰᠡᠨ ᠴᠠᠭ᠄
2024/5/23
     ᠣᠶᠢᠷ᠎ᠠ ᠳᠤ᠂ ᠰᠢᠯᠢ ᠶᠢᠨ ᠬᠤᠲᠠ ᠶᠢᠨ ᠠᠷᠠᠳ ᠰᠢᠨ ᠯᠢ ᠬᠤᠩ ᠠᠵᠢᠯ ᠪᠠᠭᠤᠭᠰᠠᠨ ᠤ ᠪᠠᠨ ᠳᠠᠷᠠᠭ᠎ᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ 24 ᠴᠠᠭ ᠤᠨ ᠥᠪᠡᠰᠦᠪᠡᠨ ᠦᠢᠯᠡᠴᠢᠯᠡᠬᠦ ᠲᠣᠭᠤᠷᠢᠭ ᠲᠤ ᠬᠦᠷᠴᠦ᠂ ᠮᠡᠳᠡᠭᠡ ᠵᠠᠩᠭᠢ ᠪᠠᠶᠢᠴᠠᠭᠠᠨ ᠯᠠᠪᠯᠠᠬᠤ ᠲᠡᠪᠴᠡᠩ ᠢᠶᠠᠷ ᠳᠡᠮᠵᠢᠨ ᠨᠠᠰᠤᠵᠢᠯ ᠤᠨ ᠠᠰᠠᠷᠠᠮᠵᠢ ᠶᠢᠨ ᠮᠥᠩᠭᠦ᠂ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠵᠡᠷᠭᠡ ᠬᠤᠯᠪᠣᠭᠳᠠᠯ ᠪᠦᠬᠦᠢ ᠮᠡᠳᠡᠭᠡ ᠵᠠᠩᠭᠢ ᠪᠠᠨ ᠪᠠᠶᠢᠴᠠᠭᠠᠨ ᠯᠠᠪᠯᠠᠵᠠᠢ᠃ ︽ᠥᠩᠭᠡᠷᠡᠭᠰᠡᠨ ᠳᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠡᠷᠬᠡᠪᠰᠢ ᠠᠵᠢᠯ ᠶᠠᠪᠤᠳᠠᠯ ᠬᠦᠢᠴᠡᠳᠬᠡᠬᠦ ᠶᠡᠭᠡ ᠲᠢᠩᠬᠢᠮ ᠳᠤ ᠬᠦᠷᠬᠦ ᠴᠢᠬᠤᠯᠠ ᠲᠠᠢ ᠪᠠᠶᠢᠵᠦ᠂ ᠠᠵᠢᠯ ᠪᠠᠭᠤᠭᠠᠳ ᠬᠦᠷᠪᠡᠯ ᠲᠡᠨᠳᠡᠬᠢ ᠠᠵᠢᠯᠲᠠᠳ ᠤᠨ ᠠᠮᠠᠷᠠᠬᠤ ᠴᠠᠭ ᠴᠦ ᠪᠤᠯᠴᠢᠬᠠᠳᠠᠭ ᠠᠴᠠ ᠮᠠᠰᠢ ᠳᠥᠭᠦᠮ ᠦᠭᠡᠢ ᠪᠠᠶᠢᠳᠠᠭ᠂ 24 ᠴᠠᠭ ᠤᠨ ᠥᠪᠡᠰᠦᠪᠡᠨ ᠦᠢᠯᠡᠴᠢᠯᠡᠬᠦ ᠲᠤᠭᠤᠷᠢᠭ ᠢ ᠪᠠᠶᠢᠭᠤᠯᠤᠬᠰᠠᠨ ᠠᠴᠠ ᠨᠠᠭᠠᠰᠢ ᠮᠡᠳᠡᠭᠡ ᠵᠠᠩᠭᠢ ᠪᠠᠶᠢᠴᠠᠭᠠᠨ ᠯᠠᠪᠯᠠᠬᠤ ᠳᠤ ᠳᠥᠭᠦᠮ ᠪᠤᠯᠤᠬᠰᠠᠨ ᠮᠦᠷᠲᠡᠭᠡᠨ ᠬᠡᠵᠢᠶ᠎ᠡ ᠴᠦ ᠭᠡᠰᠡᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠴᠢᠳᠠᠬᠤ ᠪᠣᠯᠵᠠᠢ︾ ᠭᠡᠵᠦ ᠰᠢᠨ ᠯᠢ ᠬᠤᠩ ᠬᠡᠯᠡᠨ᠎ᠠ᠃      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠬᠡᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠳᠥᠭᠦᠮ ᠦᠵᠡᠬᠦᠯᠬᠦ ᠶᠢᠨ ᠲᠥᠯᠥᠭᠡ᠂ ᠮᠠᠨ ᠤ ᠠᠶᠢᠮᠠᠭ 24 ᠴᠠᠭ ᠤᠨ ᠥᠪᠡᠰᠦᠪᠡᠨ ᠦᠢᠯᠡᠴᠢᠯᠡᠬᠦ ᠲᠣᠭᠤᠷᠢᠭ ᠢ ᠪᠠᠶᠢᠭᠤᠯᠵᠤ᠂ ᠬᠤᠪᠢ ᠬᠦᠮᠦᠨ ᠦᠪᠡᠰᠦᠪᠡᠨ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ ᠭᠤᠶᠤᠴᠢᠯᠠᠨ ᠮᠡᠳᠡᠭᠦᠯᠬᠦ᠂ ᠭᠦᠢᠴᠡᠳᠬᠡᠬᠦ ᠵᠡᠷᠭᠡ ᠦᠢᠯᠡᠴᠢᠯᠡᠭᠡ ᠶᠢ ᠪᠦᠷᠢᠨᠰᠢᠭᠦᠯᠵᠠᠢ᠃      ᠥᠪᠡᠰᠦᠪᠡᠨ ᠦᠢᠯᠡᠴᠢᠯᠡᠬᠦ ᠲᠣᠭᠤᠷᠢᠭ ᠲᠤ᠂ 24 ᠴᠠᠭ ᠤᠨ ᠥᠪᠡᠰᠦᠪᠡᠨ ᠦᠢᠯᠡᠴᠢᠯᠡᠬᠦ‍ ᠨᠢᠭᠡ ᠴᠣᠭᠴᠠᠲᠤ ᠮᠠᠰᠢᠨ ᠢᠶᠠᠷ 1269 ᠵᠦᠢᠯ ᠤᠨ ᠬᠤᠪᠢ ᠬᠥᠮᠥᠨ ᠤ ᠲᠤᠬᠠᠶᠢᠯᠠᠭᠰᠠᠨ ᠠᠵᠢᠯ᠂ 1167 ᠵᠦᠢᠯ ᠤᠨ ᠬᠠᠤᠯᠢ ᠶᠢᠨ ᠬᠥᠮᠥᠨ ᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠬᠤ ᠪᠥᠭᠡᠳ ᠪᠠᠰᠠ ᠮᠤᠵᠢ ᠠᠯᠤᠰᠯᠠᠨ ᠨᠡᠶᠢᠳᠡᠮ ᠬᠦᠢᠴᠡᠳᠭᠡᠬᠦ ᠶᠢ ᠪᠡᠶᠡᠯᠡᠭᠦᠯᠵᠦ᠂ ᠣᠯᠠᠨ ᠲᠦᠮᠡᠨ ᠤ ᠣᠨᠳᠣᠣ ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠶᠢ ᠨᠠᠩ ᠰᠠᠶᠢᠳᠤᠷ ᠬᠠᠩᠭᠠᠵᠤ ᠲᠡᠶᠢᠯᠳᠡᠭ᠃ ᠡᠭᠦᠨ ᠠᠴᠠ ᠭᠠᠳᠠᠨ᠎ᠠ᠂ ᠲᠤᠰ ᠮᠠᠰᠢᠨ ᠢᠶᠠᠷ ᠪᠠᠰᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠳᠠᠩᠰᠠᠨ ᠡᠷᠦᠬᠡ ᠪᠠᠶᠢᠭᠤᠯᠬᠤ᠂ ᠮᠡᠳᠡᠭᠡ ᠵᠠᠩᠭᠢ ᠪᠠᠨ ᠬᠤᠪᠢᠷᠠᠭᠤᠯᠬᠤ ᠬᠦᠴᠦᠨ ᠦᠭᠡᠢ ᠪᠣᠯᠭᠠᠬᠤ ᠵᠡᠷᠭᠡ ᠪᠥᠬᠦ ᠶᠠᠪᠤᠴᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠤᠯᠬᠤ ᠮᠦᠷᠲᠡᠭᠡᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠡᠮ ᠡᠮᠨᠡᠯᠭᠡ ᠶᠢᠨ ᠳᠠᠭᠠᠳᠬᠠᠯ᠂ ᠳᠣᠲᠣᠭᠠᠳᠤ ᠶᠢ ᠬᠠᠮᠠᠭᠠᠯᠠᠬᠤ ᠵᠡᠷᠭᠡ 5 ᠰᠠᠯᠠᠭ᠎ᠠ ᠮᠥᠴᠢᠷ ᠤᠨ 12 ᠥᠪᠡᠰᠦᠪᠡᠨ ᠦᠢᠯᠡᠴᠢᠯᠡᠬᠦ ᠮᠠᠰᠢᠨ ᠨᠢ 104 ᠵᠦᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠳᠠᠶᠢᠯᠬᠦ ᠪᠣᠯᠤᠭᠰᠠᠨ ᠢᠶᠠᠷ ᠠᠵᠢᠯᠯᠠᠬᠤ ᠴᠠᠭ ᠠᠴᠠ ᠪᠤᠰᠤᠳ ᠴᠠᠭ ᠲᠤ ᠴᠦ ᠤᠯᠠᠨ ᠲᠦᠮᠡᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠡᠯ᠎ᠠ ᠵᠦᠢᠯ ᠤᠨ ᠲᠤᠬᠠᠶᠢᠯᠠᠬᠰᠠᠨ ᠠᠵᠢᠯ ᠢ ᠬᠦᠢᠴᠡᠳᠬᠡᠵᠦ ᠪᠤᠯᠳᠠᠭ᠃ ᠡᠨᠡ ᠵᠢᠯ ᠠᠴᠠ ᠨᠠᠭᠠᠰᠢ᠂ ᠤᠯᠠᠨ ᠲᠦᠮᠡᠨ ᠥᠪᠡᠰᠦᠪᠡᠨ ᠦᠢᠯᠡᠴᠢᠯᠡᠬᠦ ᠮᠠᠰᠢᠨ ᠢᠶᠠᠷ ᠳᠡᠮᠵᠢᠨ ᠨᠡᠶᠢᠲᠡ 158 ᠤᠳᠠᠭ᠎ᠠ ᠶᠢᠨ ᠲᠤᠬᠠᠶᠢᠯᠠᠬᠰᠠᠨ ᠠᠵᠢᠯ ᠢ ᠬᠦᠢᠴᠡᠳᠬᠡᠵᠦ᠂ ᠪᠡᠶ᠎ᠡ ᠶᠢᠨ ᠦᠨᠡᠮᠯᠡᠯ ᠢᠶᠠᠨ ᠰᠣᠯᠢᠵᠤ ᠠᠪᠬᠤ ᠪᠤᠶᠤ ᠨᠥᠬᠦᠵᠦ ᠠᠪᠬᠤ ᠠᠵᠢᠯ ᠢ 198 ᠬᠤᠪᠢ ᠬᠦᠢᠴᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠦᠷ᠎ᠠ ᠪᠦᠲᠦᠮᠵᠢ ᠶᠡᠬᠡᠬᠡᠨ ᠳᠡᠭᠡᠭᠰᠢᠯᠡᠯᠲᠠ ᠲᠠᠢ ᠪᠤᠯᠵᠠᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号