ᠨᠢᠭᠡᠳᠦᠭᠡᠷ ᠤᠯᠠᠷᠢᠯ ᠳᠤ ᠪᠥᠬᠦ ᠠᠶᠢᠮᠠᠭ ᠤᠨ ᠪᠣᠭᠤᠮᠲᠠ ᠶᠢᠨ ᠠᠵᠤ ᠠᠬᠤᠢ ᠰᠠᠶᠢᠨ ᠡᠬᠢᠯᠡᠯᠲᠡ ᠲᠠᠢ ᠪᠣᠯᠵᠠᠢ
ᠨᠡᠶᠢᠲᠡᠯᠡᠭᠰᠡᠨ ᠴᠠᠭ᠄
2024/5/23
     ᠡᠨᠡ ᠵᠢᠯ ᠤᠨ ᠨᠢᠭᠡᠳᠦᠭᠡᠷ ᠤᠯᠠᠷᠢᠯ ᠳᠤ᠂ ᠪᠥᠬᠦ ᠠᠶᠢᠮᠠᠭ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 542.97 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠵᠡᠢ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ 432.31 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.1% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠬᠡᠮᠵᠢᠶ᠎ᠠ 110.66 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.8% ᠪᠠᠷ ᠨᠡᠮᠡᠭᠳᠡᠪᠡ᠃      ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ᠳᠤᠮᠳᠠᠬᠢ ᠨᠡᠪᠲᠡᠷᠡᠬᠦ ᠵᠠᠮ︾ ᠤᠨ ᠴᠣᠷ ᠤᠨ ᠭᠠᠭᠴᠠ ᠬᠢᠯᠢ ᠪᠠᠷ ᠣᠷᠣᠵᠤ ᠭᠠᠷᠬᠤ ᠪᠣᠭᠤᠮᠲᠠ ᠪᠣᠯᠤᠭᠰᠠᠨ ᠤ ᠬᠤᠪᠢ ᠳᠤ᠂ ᠡᠨᠡ ᠵᠢᠯ ᠤᠨ ᠨᠢᠭᠡᠳᠦᠭᠡᠷ ᠤᠯᠠᠷᠢᠯ ᠳᠤ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 81.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.85% ᠪᠠᠷ ᠨᠡᠮᠡᠭᠳᠡᠪᠡ︔ ᠬᠢᠯᠢ ᠪᠠᠷ ᠣᠷᠣᠵᠤ ᠭᠠᠷᠤᠭᠰᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 802 ᠴᠤᠪᠤᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ᠃ 3 ᠰᠠᠷ᠎ᠠ ᠶᠢᠨ ᠰᠡᠭᠦᠯᠴᠢ ᠪᠣᠯᠲᠠᠯ᠎ᠠ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠱᠤᠭᠤᠮ ᠨᠢᠭᠡᠨᠲᠡ 71 ᠵᠤᠷᠪᠤᠰ ᠪᠣᠯᠵᠤ᠂ ᠲᠢᠶᠠᠨᠵᠢᠨ᠂ ᠠᠨᠾᠦ᠋ᠢ᠂ ᠬᠤᠨᠠᠨ᠂ ᠰᠧᠴᠤᠸᠠᠨ ᠵᠡᠷᠭᠡ 10 ᠭᠠᠷᠤᠢ ᠮᠤᠵᠢ ᠣᠷᠣᠨ ᠬᠤᠲᠠ ᠳᠤ ᠪᠠᠷᠠᠭᠠᠨ ᠤ ᠢᠷᠡᠯᠲᠡ ᠲᠠᠢ ᠪᠤᠯᠵᠦ᠂ ᠭᠧᠷᠮᠠᠨ᠂ ᠫᠤᠯᠠᠨᠳ᠋᠂ ᠣᠷᠣᠰ ᠵᠡᠷᠭᠡ 10 ᠭᠠᠷᠤᠢ ᠤᠯᠤᠰ ᠤᠨ 60 ᠭᠠᠷᠤᠢ ᠭᠠᠵᠠᠷ ᠣᠷᠣᠨ ᠳᠤ ᠨᠡᠪᠲᠡᠷᠡᠭᠦ ᠪᠤᠯᠵᠠᠢ᠃      ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 492.95 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠡᠢ︔ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠠ 382.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠵᠦ᠂ ᠭᠠᠳᠠᠭᠠᠳᠤ ᠳᠤ ᠭᠠᠷᠭᠠᠭᠰᠠᠨ ᠬᠡᠮᠵᠢᠶ᠎ᠠ 110.15 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.6% ᠪᠠᠷ ᠨᠡᠮᠡᠭᠳᠡᠵᠡᠢ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠰᠠᠨ ᠠᠷᠠᠯᠵᠢᠶᠠᠨ ᠤ ᠥᠷᠲᠡᠭ 96.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ᠃ ᠡᠨᠡ ᠵᠢᠯ ᠤᠨ 3 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠠᠶᠢᠭᠤᠯᠬᠤ ᠶᠢ ᠵᠦᠪᠰᠢᠶᠠᠷᠠᠵᠦ᠂ ᠮᠠᠨ ᠤ ᠠᠶᠢᠮᠠᠭ ᠤᠨ ᠤᠮᠠᠷᠠᠰᠢ ᠨᠡᠭᠡᠭᠡᠯᠲᠡ ᠬᠢᠬᠦ ᠳᠤ ᠦᠢᠯᠡᠴᠢᠯᠡᠬᠦ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠳᠤ ᠴᠢᠬᠤᠯᠠ ᠶᠡᠭᠡ ᠰᠢᠨ᠎ᠡ ᠠᠵᠠ ᠲᠣᠬᠢᠶᠠᠯ ᠢ ᠠᠪᠴᠢᠷᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠡᠨᠡ ᠵᠢᠯ ᠤᠨ ᠨᠢᠭᠡᠳᠦᠭᠡᠷ ᠤᠯᠠᠷᠢᠯ ᠳᠤ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠦ ᠭᠠᠳᠠᠭᠠᠳᠤ ᠳᠤ ᠭᠠᠷᠭᠠᠬᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 50.02 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 54% ᠪᠠᠷ ᠨᠡᠮᠡᠭᠳᠡᠵᠦ᠂ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠠ 49.51 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 53.7% ᠪᠠᠷ ᠨᠡᠮᠡᠭᠳᠡᠵᠡᠢ︔ ᠭᠠᠳᠠᠭᠠᠳᠤ ᠳᠤ ᠭᠠᠷᠭᠠᠭᠰᠠᠨ ᠬᠡᠮᠵᠢᠶ᠎ᠠ 0.51 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 99.2% ᠢᠶᠠᠷ ᠨᠡᠮᠡᠭᠳᠡᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠰᠠᠨ ᠪᠠᠷᠠᠭᠠᠨ ᠤ ᠥᠷᠲᠡᠭ 2.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 42.2% ᠢᠶᠠᠷ ᠨᠡᠮᠡᠭᠳᠡᠪᠡ᠃ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ ᠥᠷᠲᠡᠭ 2.03 ᠳ᠋ᠦᠩᠰᠢᠭᠤᠷ ᠲᠥᠭᠦᠷᠢᠭ ᠲᠤ ᠬᠦᠷᠴᠦ᠂ 48.7% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠪᠠᠷᠠᠭᠠᠨ ᠤ ᠥᠷᠲᠡᠭ 0.07 ᠳ᠋ᠦᠩᠰᠢᠭᠤᠷ ᠲᠥᠭᠦᠷᠢᠭ ᠲᠤ ᠬᠦᠷᠴᠦ᠂ 39.3% ᠪᠠᠷ ᠨᠡᠮᠡᠭᠳᠡᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号