ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ 2024 ᠣᠨ ᠤ ᠠᠩᠬᠠᠳᠤᠭᠠᠷ ᠬᠤᠭᠤᠴᠠᠭᠠᠨ ᠤ ︽ᠤᠳᠤᠷᠢᠳᠬᠤ ᠺᠠᠳ᠋ᠷᠴᠤᠳ ᠤᠨ ᠶᠡᠭᠡ  ᠲᠠᠶᠢᠯᠤᠮᠵᠢ︾ ᠡᠷᠭᠢᠯᠡᠪᠡ
ᠨᠡᠶᠢᠲᠡᠯᠡᠭᠰᠡᠨ ᠴᠠᠭ᠄
2024/5/24
     5 ᠰᠠᠷ᠎ᠠ ᠶᠢᠨ 23 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ 2024 ᠣᠨ ᠤ ᠠᠩᠬᠠᠳᠤᠭᠠᠷ ᠬᠤᠭᠤᠴᠠᠭᠠᠨ ᠤ ︽ᠤᠳᠤᠷᠢᠳᠬᠤ ᠺᠠᠳ᠋ᠷ ᠤᠨ ᠶᠡᠭᠡ ᠳᠠᠶᠢᠯᠤᠮᠵᠢ︾ ᠡᠷᠬᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠲᠤᠰᠬᠠᠢ ᠰᠡᠳᠦᠪ ᠢᠶᠠᠷ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠪᠣᠯᠣᠨ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠭᠠᠨ ᠤ ᠲᠠᠰᠤᠭ ᠤᠨ ᠡᠷᠬᠢᠯᠡᠭᠴᠢ ᠳ᠋ᠦ᠋ ᠢ ᠰᠢᠨ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠭᠦᠭᠵᠢᠭᠦᠯᠦᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠶ᠎ᠡ︾ ᠭᠡᠬᠦ ᠰᠡᠳᠦᠪ ᠢᠶᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠠᠭᠤᠯᠭ᠎ᠠ ᠶᠢᠨ ᠠᠬᠤᠢ ᠪᠠᠶᠢᠳᠠᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠥᠭᠵᠢᠯᠲᠡ ᠶᠢᠨ ᠪᠠᠶᠢᠳᠠᠯ᠂ ᠥᠪᠥᠷ ᠮᠣᠩᠭᠤᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠠᠭᠤᠷᠢ ᠪᠣᠯᠣᠨ ᠭᠦᠭᠵᠢᠯᠳᠡ ᠶᠢᠨ ᠢᠷᠡᠭᠡᠳᠦᠢ ᠵᠡᠷᠭᠡ ᠭᠤᠷᠪᠠᠨ ᠲᠠᠯ᠎ᠠ ᠠᠴᠠ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠤᠨ ᠡᠯ᠎ᠡ ᠱᠠᠲᠤᠨ ᠤ ᠤᠳᠤᠷᠢᠳᠬᠤ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠴᠠᠭ ᠦᠶ᠎ᠡ ᠶᠢᠨ ᠠᠭᠤᠯᠤᠭᠳᠠᠬᠤᠨ᠂ ᠭᠤᠣᠯ ᠴᠦᠮ᠎ᠠ ᠪᠣᠯᠣᠨ ᠮᠥᠨ ᠴᠢᠨᠠᠷ ᠤᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠰᠢᠯᠢ ᠶᠢᠨ ᠭᠤᠣᠯ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠦᠨ᠂ ᠢᠲᠡᠭᠡᠯ ᠵᠣᠷᠢᠭ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ᠂ ᠰᠢᠨ᠎ᠡ ᠮᠡᠷᠭᠡᠵᠢᠯ ᠢᠶᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠳᠡᠯᠭᠡᠬᠦ ᠬᠦᠴᠦᠨ ᠢ ᠬᠥᠭᠵᠢᠭᠡᠨ᠂ ᠰᠢᠨ᠎ᠡ ᠠᠵᠤ ᠦᠢᠯᠡᠰ ᠢᠶᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠡᠪᠴᠢᠶ᠎ᠡ ᠶᠢ ᠥᠷᠭᠡᠳᠬᠡᠵᠦ᠂ ᠰᠢᠨ᠎ᠡ ᠲᠣᠭᠲᠠᠴᠠ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠥᠩ ᠰᠢᠮᠡᠯᠢᠭ ᠬᠥᠷᠥᠰᠥ ᠶᠢ ᠵᠤᠵᠠᠭᠠᠳᠬᠠᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃      ᠠᠶᠢᠮᠠᠭ ᠤᠨ ᠳᠥᠷᠪᠡᠨ ᠶᠡᠭᠡ ᠪᠠᠭ ᠤᠨ ᠤᠳᠤᠷᠢᠳᠤᠯᠭ᠎ᠠ ᠪᠠ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠶ ᠳᠤ ᠣᠷᠣᠯᠴᠠᠪᠠ᠃ ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ︵ᠤᠷᠤᠨ︶ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号