ᠠᠶᠢᠮᠠᠭ ᠤᠨ ᠵᠠᠬᠢᠷᠭ᠎ᠠ ᠬᠢᠭᠡᠳ ᠢᠯᠢ ᠪᠦᠯᠦᠭᠯᠡᠯ ᠵᠦᠪᠳᠡᠯᠴᠡᠭᠡᠷ ᠲᠤᠬᠲᠠᠪᠠ
ᠨᠡᠶᠢᠲᠡᠯᠡᠭᠰᠡᠨ ᠴᠠᠭ᠄
2024/5/24
     5 ᠰᠠᠷ᠎ᠠ ᠶᠢᠨ 23 ᠤ ᠦᠳᠡ ᠶᠢᠨ ᠡᠮᠦᠨ᠎ᠡ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠬᠢᠭᠡᠳ ᠢᠯᠢ ᠪᠦᠯᠦᠭᠯᠡᠯ ᠰᠢᠯᠢ ᠶᠢᠨ ᠭᠤᠣᠯ ᠤᠨ ᠨᠡᠷᠡᠲᠦ ᠲᠡᠮᠳᠡᠭ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠨ ︽ᠰᠢᠯᠢ ᠶᠢᠨ ᠭᠤᠣᠯ ᠤᠨ ᠲᠠᠯ᠎ᠠ ᠨᠤᠲᠤᠭ︾ ︽ᠰᠢᠯᠢ ᠶᠢᠨ ᠭᠤᠣᠯ ᠤᠨ ᠦᠨᠢᠶᠡᠨ ᠰᠦ︾ ᠶᠢᠨ ᠨᠠᠷᠠᠲᠤ ᠲᠡᠮᠳᠡᠭ ᠤᠨ ᠢᠯᠡᠳᠬᠡᠯᠲᠡ ᠲᠠᠢ ᠨᠡᠷ᠎ᠡ ᠬᠤᠯᠪᠣᠭᠰᠠᠨ ᠰᠢᠩᠭᠡᠨ ᠲᠦᠯᠤᠪᠲᠤ ᠰᠦ ᠶᠢᠨ ᠪᠦᠲᠦᠭᠡᠭᠳᠡᠬᠦᠨ ᠢ ᠭᠠᠷᠭᠠᠵᠤ᠂ ᠬᠤᠶᠠᠷ ᠲᠠᠯ᠎ᠠ ᠶᠢᠨ ᠡᠬᠢ ᠪᠠᠶᠠᠯᠢᠭ ᠵᠢᠴᠢ ᠭᠠᠵᠠᠷ ᠣᠷᠣᠨ ᠪᠠ ᠠᠵᠤ ᠠᠬᠤᠶᠢᠯᠠᠯ ᠤᠨ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠭᠦᠢᠴᠡᠳ ᠠᠰᠢᠭᠯᠠᠨ᠂ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠬᠠᠮᠲᠤ ᠪᠠᠷ ᠪᠦᠲᠦᠭᠡᠭᠳᠡᠬᠦᠨ ᠤ ᠡᠵᠡᠩᠨᠡᠨ ᠪᠣᠷᠣᠯᠠᠭᠤᠯᠤᠯᠲᠠ ᠳᠤ ᠬᠦᠴᠦᠨ ᠨᠡᠮᠡᠷᠢᠯᠡᠵᠦ᠂ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠪᠠᠷ ᠪᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ᠂ ᠢᠯᠢ ᠪᠦᠯᠦᠭᠯᠡᠯ ᠤᠨ ᠳᠡᠭᠡᠳᠦ ᠵᠡᠷᠭᠡ ᠶᠢᠨ ᠭᠦᠢᠴᠡᠳᠬᠡᠬᠦ ᠶᠡᠷᠦᠩᠬᠡᠢ ᠵᠠᠬᠢᠷᠤᠯ ᠵᠠᠩ ᠵᠢᠶᠠᠨ ᠴᠢᠦ ᠠᠵᠢᠯᠯᠠᠭ᠎ᠠ ᠳᠤ ᠣᠷᠣᠯᠴᠠᠵᠤ᠂ ᠠᠶᠢᠮᠠᠭ ᠤᠨ ᠳᠡᠳ᠋ ᠳᠠᠷᠤᠭ᠎ᠠ ᠶᠠᠩ ᠯᠢ ᠢᠯᠢ ᠪᠦᠯᠦᠭᠯᠡᠯ ᠤᠨ ᠭᠦᠢᠴᠡᠳᠬᠡᠬᠦ ᠶᠡᠷᠦᠩᠬᠡᠢ ᠵᠠᠬᠢᠷᠤᠯ ᠯᠢᠦ ᠴᠦᠨ ᠰᠢ ᠲᠠᠢ ᠵᠦᠪᠳᠡᠯᠴᠡᠭᠡᠷ ᠲᠤᠬᠲᠠᠪᠠ᠃      ᠣᠶᠢᠯᠠᠭᠠᠭᠰᠠᠨ ᠢᠶᠠᠷ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠨᠢ ᠢᠯᠢ ᠪᠦᠯᠦᠭᠯᠡᠯ ᠲᠠᠢ ᠨᠡᠷ᠎ᠡ ᠬᠤᠯᠪᠣᠭᠰᠠᠨ ᠪᠦᠲᠦᠭᠡᠭᠳᠡᠬᠦᠨ ᠭᠠᠷᠭᠠᠵᠤ᠂ ᠢᠯᠢ ᠪᠦᠯᠦᠭᠯᠡᠯ ᠤᠨ ᠰᠢᠯᠢ ᠶᠢᠨ ᠭᠤᠣᠯ ᠠᠶᠢᠮᠠᠭ ᠲᠤ ᠦᠢᠯᠡᠳᠪᠦᠷᠢᠯᠡᠭᠰᠡᠨ ᠰᠢᠩᠭᠡᠨ ᠲᠦᠯᠤᠪᠲᠤ ᠰᠦ ᠶᠢᠨ ᠭᠠᠳᠠᠷ ᠪᠣᠭᠤᠳᠠᠯ ᠳᠡᠭᠡᠷ᠎ᠡ ︽ᠰᠢᠯᠢ ᠶᠢᠨ ᠭᠤᠣᠯ ᠤᠨ ᠦᠨᠢᠶᠡᠨ ᠰᠦ︾ ᠪᠠ ︽ᠰᠢᠯᠢ ᠶᠢᠨ ᠭᠤᠣᠯ ᠤᠨ ᠲᠠᠯ᠎ᠠ ᠨᠤᠲᠤᠭ︾ ᠭᠡᠬᠦ ᠢᠯᠡᠳᠬᠡᠯᠲᠡ ᠶᠢ ᠬᠡᠷᠡᠭᠯᠡᠬᠦ ᠪᠠᠷ ᠪᠤᠯᠪᠠ᠃ ᠡᠭᠦᠨ ᠤ ᠬᠠᠮᠲᠤ᠂ ᠰᠢᠯᠢ ᠶᠢᠨ ᠭᠤᠣᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠡᠷᠬᠡ ᠣᠯᠭᠤᠭᠰᠠᠨ ᠡᠵᠡᠩᠨᠡᠯᠲᠡ ᠶᠢᠨ ᠭᠤᠣᠯ ᠴᠣᠭᠴᠠ ᠳᠤ ︽ᠰᠢᠯᠢ ᠶᠢᠨ ᠭᠤᠣᠯ ᠤᠨ ᠦᠨᠢᠶᠡᠨ ᠰᠦ︾ ᠭᠡᠬᠦ ᠢᠯᠡᠳᠬᠡᠯᠲᠡ ᠶᠢ ᠰᠢᠩᠭᠡᠨ ᠲᠦᠯᠤᠪᠲᠤ ᠰᠦ ᠠᠴᠠ ᠪᠤᠰᠤᠳ ᠲᠥᠷᠥᠯ ᠵᠦᠢᠯ ᠤᠨ ᠪᠦᠲᠦᠭᠡᠭᠳᠡᠬᠦᠨ ᠳᠤ ᠴᠦ ᠬᠡᠷᠡᠭᠯᠡᠭᠦᠯᠦᠨ᠎ᠠ︔ ︽ᠰᠢᠯᠢ ᠶᠢᠨ ᠭᠤᠣᠯ ᠤᠨ ᠲᠠᠯ᠎ᠠ ᠨᠤᠲᠤᠭ︾ ᠭᠡᠬᠦ ᠢᠯᠡᠳᠬᠡᠯᠲᠡ ᠶᠢ ᠨᠠᠷᠠᠲᠤ ᠲᠡᠮᠳᠡᠭ ᠤᠨ ᠡᠷᠬᠡ ᠣᠯᠭᠤᠭᠰᠠᠨ ᠡᠵᠡᠩᠨᠡᠯᠲᠡ ᠶᠢᠨ ᠭᠤᠣᠯ ᠴᠣᠭᠴᠠ ᠶᠢᠨ ᠪᠣᠶ ᠪᠦᠬᠦᠢ ᠪᠦᠲᠦᠭᠡᠭᠳᠡᠬᠦᠨ ᠳᠤ ᠬᠡᠷᠡᠭᠯᠡᠵᠦ ᠪᠣᠯᠣᠨ᠎ᠠ᠃ ᠲᠣᠰ ᠤᠳᠠᠭᠠᠨ ᠤ ᠬᠠᠮᠲᠤᠷᠠᠯᠴᠠᠭ᠎ᠠ ᠨᠢ ᠢᠯᠢ ᠪᠦᠯᠦᠭᠯᠡᠯ ᠤᠨ ᠬᠥᠭᠵᠢᠯᠲᠡ ᠳᠤ ᠴᠢᠨᠠᠷ ᠰᠠᠶᠢᠲᠠᠢ ᠰᠦ ᠶᠢᠨ ᠢᠷᠡᠯᠲᠡ ᠶᠢ ᠬᠠᠩᠭᠠᠵᠤ ᠴᠢᠳᠠᠬᠤ ᠪᠠᠷ ᠪᠠᠷᠠᠬᠤ ᠦᠭᠡᠢ ᠰᠢᠯᠢ ᠶᠢᠨ ᠭᠤᠣᠯ ᠤᠨ ᠴᠠᠭᠠᠨ ᠢᠳᠡᠭᠡᠨ ᠤ ᠪᠦᠲᠦᠭᠡᠭᠳᠡᠬᠦᠨ ᠤ ᠨᠡᠷ᠎ᠠ ᠠᠯᠳᠠᠷᠰᠢᠯ ᠢ ᠳᠡᠭᠡᠭᠰᠢᠯᠡᠭᠦᠯᠤᠨ᠂ ᠰᠢᠯᠢ ᠶᠢᠨ ᠭᠤᠣᠯ ᠤᠨ ᠰᠦ ᠶᠢᠨ ᠠᠵᠤ ᠦᠢᠯᠡᠰ ᠤᠨ ᠬᠥᠭᠵᠢᠯᠲᠡ ᠶᠢ ᠰᠢᠨ᠎ᠡ ᠵᠠᠮ ᠳᠤ ᠣᠷᠣᠭᠤᠯᠬᠤ ᠳᠤ ᠬᠦᠴᠦᠨ ᠨᠡᠮᠡᠷᠢᠯᠡᠵᠦ᠂ ᠪᠥᠬᠦ ᠤᠯᠤᠰ ᠴᠢᠨᠠᠭᠰᠢᠯᠠᠪᠠᠯ ᠪᠥᠬᠦ ᠳᠡᠯᠡᠬᠡᠢ ᠶᠢᠨ ᠬᠡᠷᠡᠭᠯᠡᠭᠴᠢᠳ ᠲᠤ ᠰᠢᠯᠢ ᠶᠢᠨ ᠭᠤᠣᠯ ᠤᠨ ᠲᠠᠯ᠎ᠠ ᠨᠤᠲᠤᠭ ᠤᠨ ᠴᠡᠪᠡᠷ ᠪᠠᠶᠢᠭᠠᠯᠢᠯᠢᠭ᠂ ᠴᠢᠨᠠᠷ ᠰᠠᠶᠢᠲᠠᠢ ᠰᠦ ᠶᠢ ᠨᠠᠩ ᠰᠠᠶᠢᠨ ᠲᠦᠭᠡᠮᠡᠯᠵᠢᠬᠦᠯᠦᠨ ᠳᠡᠯᠭᠡᠷᠡᠭᠦᠯᠬᠦ ᠳᠤ ᠠᠰᠢᠭᠲᠠᠢ ᠶᠤᠮ᠃      ᠠᠵᠢᠯᠯᠠᠭ᠎ᠠ ᠳᠤᠮᠳᠠ ᠪᠠᠰᠠ ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠡᠷᠬᠡ ᠣᠯᠭᠤᠬᠤ ᠶᠣᠰᠣᠯᠠᠯ ᠶᠠᠪᠤᠭᠤᠯᠵᠤ᠂ ᠰᠢᠨ᠎ᠡ ᠨᠢᠭᠡ ᠡᠭᠡᠯᠵᠢ ᠶᠢᠨ ᠡᠷᠬᠡ ᠣᠯᠭᠤᠭᠰᠠᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ 52 ᠪᠠᠶᠢᠵᠦ᠂ ᠡᠷᠬᠡ ᠣᠯᠭᠤᠭᠰᠠᠨ ᠡᠵᠡᠩᠨᠡᠯᠲᠡ ᠶᠢᠨ ᠭᠤᠣᠯ ᠴᠣᠭᠴᠠ ᠨᠡᠶᠢᠲᠡ 69 ᠪᠣᠯᠵᠤ ᠨᠡᠮᠡᠭᠳᠡᠨ᠂ ᠪᠥᠬᠦ ᠠᠶᠢᠮᠠᠭ ᠤᠨ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠠᠷᠪᠠᠨ ᠤ ᠨᠢᠭᠡ ᠶᠢ ᠡᠵᠡᠯᠡᠪᠡ᠃      ᠣᠶᠢᠷ᠎ᠠ ᠶᠢᠨ ᠵᠢᠯ ᠤᠨ ᠲᠤᠷᠰᠢ᠂ ᠤᠯᠤᠰ᠂ ᠥᠪᠡᠷᠲᠡᠭᠡᠨ ᠵᠠᠰᠠᠬᠤ ᠣᠷᠣᠨ ᠤ ︽ᠰᠦ ᠶᠢᠨ ᠦᠢᠯᠡᠰ ᠢ ᠬᠥᠭᠵᠢᠭᠦᠯᠬᠦ︾ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠪᠠ ︽ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠢ ᠶᠡᠭᠡ ᠪᠠᠷ ᠬᠥᠭᠵᠢᠭᠦᠯᠬᠦ︾ ᠤᠷᠢᠶᠠᠯᠠᠭ᠎ᠠ ᠳᠣᠣᠷ᠎ᠠ᠂ ᠰᠢᠯᠢ ᠶᠢᠨ ᠭᠤᠣᠯ ᠠᠶᠢᠮᠠᠭ ᠰᠠᠶᠢᠨ ᠰᠠᠶᠢᠬᠠᠨ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠶᠢ ᠠᠰᠢᠭᠯᠠᠨ᠂ ᠴᠢᠨᠠᠷ ᠰᠠᠶᠢᠲᠠᠢ ᠰᠦ ᠶᠢᠨ ᠦᠢᠯᠡᠰ ᠤᠨ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠲᠣᠰ ᠭᠠᠵᠠᠷ ᠣᠷᠣᠨ ᠤ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠪᠦᠲᠦᠭᠡᠭᠳᠡᠬᠦᠨ ᠤ ᠠᠵᠤ ᠠᠬᠤᠶᠢᠯᠠᠯ ᠵᠢᠴᠢ ᠵᠢᠵᠢᠭ ᠦᠢᠯᠡᠳᠬᠡᠯ ᠤᠨ ᠭᠠᠵᠠᠷ ᠢ ᠪᠠᠶᠢᠭᠤᠯᠤᠨ ᠳᠡᠭᠡᠭᠰᠢᠯᠡᠭᠦᠯᠵᠦ᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠪᠦᠲᠦᠭᠡᠭᠳᠡᠬᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠰᠢᠷᠢᠰ ᠲᠡᠳᠬᠦᠠ ᠳᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠥᠬᠦ ᠠᠶᠢᠮᠠᠭ ᠤᠨ ᠰᠦ ᠶᠢᠨ ᠠᠵᠤ ᠦᠢᠯᠡᠰ ᠤᠨ ᠲᠦᠷᠭᠡᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠣᠯ ᠠᠶᠢᠮᠠᠭ ᠢᠯᠢ ᠪᠦᠯᠦᠭᠯᠡᠯ ᠵᠡᠷᠭᠡ ᠰᠦ ᠶᠢᠨ ᠠᠵᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠰᠦ ᠶᠢᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠂ ᠪᠥᠬᠦ ᠠᠶᠢᠮᠠᠭ ᠤᠨ ᠥᠷᠭᠡᠨ ᠣᠯᠠᠨ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃      
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号