ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠵᠠᠬᠢᠷᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/25
     5 ᠰᠠᠷ᠎ᠠ ᠶᠢᠨ 24 ᠤ ᠡᠳᠦᠷ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠦᠷᠨᠢᠬᠦᠯᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠥᠸᠧ ᠴᠢᠩ ᠬᠤᠷᠠᠯ ᠢ ᠡᠷᠭᠢᠯᠡᠵᠡᠢ᠃      ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠢ ᠬᠠᠭᠤᠷᠮᠠᠭᠯᠠᠨ ᠵᠤᠬᠢᠶᠠᠬᠤ ᠶᠢ ᠰᠡᠷᠭᠡᠶᠢᠯᠡᠠ ᠵᠠᠰᠠᠬᠤ᠂ ᠵᠢᠭᠤᠯᠴᠢᠯᠠᠯ ᠤᠨ ᠠᠵᠢᠯ ᠵᠢᠴᠢ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠦᠪ ᠠᠵᠢᠯ ᠤᠨ ᠠᠮᠵᠢᠯᠳᠡ ᠶᠢᠨ ᠦᠵᠡᠯᠲᠡ ᠶᠢ ᠪᠠᠲᠤ ᠪᠣᠶ ᠪᠣᠯᠭᠠᠨ᠂ ᠲᠤᠭ᠎ᠠ ᠪᠦᠷᠢᠳᠬᠡᠯ ᠤᠨ ᠠᠵᠢᠯ ᠤᠨ ᠳᠦᠷᠢᠮᠵᠢᠯᠲᠡ᠂ ᠵᠢᠷᠦᠮᠵᠢᠯᠲᠡ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠤᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠶᠢᠳᠬᠡᠬᠦ ᠲᠦᠷᠢᠮ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠴᠢᠨᠠᠷ ᠰᠠᠶᠢᠲᠠᠢ ᠲᠤᠭ᠎ᠠ ᠪᠦᠷᠢᠳᠬᠡᠯ ᠤᠨ ᠠᠵᠢᠯ ᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠭᠦᠯᠭᠦ ᠭᠡᠷᠡᠭᠳᠡᠢ᠃ ᠰᠢᠯᠢ ᠶᠢᠨ ᠭᠤᠣᠯ ᠤᠨ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠢᠯᠡᠴᠢᠯᠡᠭᠡᠨ ᠤ ᠣᠷᠴᠢᠨ ᠲᠣᠭᠤᠷᠢᠨ ᠢ ᠳᠠᠰᠤᠷᠠᠯᠳᠠ ᠦᠭᠡᠢ ᠰᠢᠯᠢᠳᠡᠭᠵᠢᠭᠦᠯᠦᠨ᠂ ᠤᠬᠠᠭᠤᠯᠭ᠎ᠠ ᠲᠠᠨᠢᠯᠴᠠᠭᠤᠯᠭ᠎ᠠ ᠶᠢᠨ ᠰᠢᠨ᠎ᠡ ᠶᠢ ᠡᠭᠦᠳᠴᠤ᠂ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ᠂ ᠦᠪᠡᠷ ᠢᠶᠠᠨ ᠮᠠᠰᠢᠨ ᠪᠠᠷᠢᠵᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠤᠭᠤᠯᠬᠤ ᠵᠡᠷᠭᠡ ᠲᠠᠯ᠎ᠠ ᠪᠠᠷ ᠵᠢᠭᠤᠯᠴᠢᠯᠠᠯ ᠤᠨ ᠦᠢᠯᠡᠰ ᠤᠨ ᠬᠡᠯᠪᠡᠷᠢ ᠶᠢ ᠪᠠᠶᠠᠯᠢᠭᠵᠢᠭᠤᠯᠵᠤ᠂ ᠨᠡᠷᠡᠳᠦ ᠲᠡᠮᠳᠡᠭ ᠢ ᠡᠭᠦᠳᠤᠨ᠂ ᠴᠢᠨᠠᠷ ᠰᠠᠶᠢᠲᠠᠢ ᠵᠢᠭᠤᠯᠴᠢᠯᠠᠯ ᠤᠨ ᠬᠠᠩᠭᠠᠯᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠣᠯᠣᠨ ᠦᠵᠡᠯ ᠰᠠᠨᠠᠭ᠎ᠠ ᠤᠯᠤᠰ ᠲᠦᠷᠦ ᠶᠢᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠠᠵᠢᠯ ᠲᠠᠢ ᠣᠷᠭᠠᠨᠢᠭ ᠢᠶᠠᠷ ᠠᠭᠤᠰᠤᠯᠴᠠᠭᠤᠯᠤᠨ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠴᠢᠬᠤᠯᠠᠴᠢᠯᠠᠪᠡ᠃      ᠲᠣᠰ ᠡᠳᠦᠷ᠂ ᠵᠠᠬᠢᠷᠭ᠎ᠠ 2024 ᠣᠨ ᠤ ᠠᠷᠪᠠᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠠᠮᠢ ᠠᠬᠤᠢ ᠣᠷᠴᠢᠨ ᠲᠣᠭᠤᠷᠢᠨ ᠢ ᠵᠠᠰᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠵᠢᠴᠢ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠰᠢᠨᠡᠳᠬᠡᠬᠦ ᠵᠡᠷᠭᠡ ᠵᠦᠢᠯᠡᠰ ᠢ ᠰᠤᠳᠤᠯᠵᠠᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号