ᠮᠠᠨ ᠤ ᠠᠶᠢᠮᠠᠭ ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠤᠮᠫᠠᠨᠢ ᠪᠤᠯᠤᠨ ᠮᠧᠩ ᠨᠢᠦ ᠪᠦᠯᠦᠭᠯᠡᠯ ᠲᠠᠢ ᠭᠠᠷ ᠬᠤᠯᠪᠣᠨ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠦᠨ᠎ᠠ ᠬᠦᠷᠭᠡᠭᠬᠦ ︽ᠰᠢᠵᠢᠷ ᠠᠯᠲᠠᠨ ᠵᠠᠮ︾  ᠢ ᠨᠡᠭᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2024/5/26
   5 ᠰᠠᠷ᠎ᠠ ᠶᠢᠨ 25 ᠤ ᠡᠳᠦᠷ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠪᠡᠭᠡᠵᠢᠩ ᠳᠤ ᠳᠤᠮᠳᠠᠳᠤ ᠤᠯᠤᠰ ᠤᠨ ᠴᠢᠯᠠᠭᠤᠨ ᠳᠤᠰᠤᠨ ᠤ ᠥᠪᠥᠷ ᠮᠣᠩᠭᠤᠯ ᠤᠨ ᠪᠣᠷᠤᠯᠠᠭᠤᠯᠭ᠎ᠠ ᠶᠢᠨ ᠺᠣᠮᠫᠠᠨᠢ᠂ ᠮᠧᠩ ᠨᠢᠦ ᠰᠦ ᠶᠢᠨ ᠦᠢᠯᠡᠰ ᠤᠨ ᠳ᠋ᠦᠡᠭ ᠰᠢᠶᠠᠨ ᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ︵ᠱᠠᠩᠬᠠᠢ︶  ᠤᠨ ᠬᠢᠵᠠᠭᠠᠷᠲᠤ ᠺᠣᠮᠫᠠᠨᠢ ᠲᠠᠢ ᠲᠤᠰ ᠲᠤᠰ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ ᠢ ᠲᠥᠪᠯᠡᠷᠡᠭᠦᠯᠦᠨ᠂ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠦ ᠲᠡᠮᠳᠡᠭ ᠢ ᠦᠨ᠎ᠡ ᠭᠦᠷᠭᠡᠭᠦ ︽ᠰᠢᠵᠢᠷ ᠠᠯᠳᠠᠨ ᠵᠠᠮ︾  ᠢ ᠪᠦᠬᠦ ᠲᠠᠯ᠎ᠠ ᠪᠠᠷ ᠨᠡᠭᠡᠭᠡᠬᠦ ᠪᠠᠷ ᠪᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ᠂ ᠠᠶᠢᠮᠠᠭ ᠤᠨ ᠳᠡᠳ᠋ ᠳᠠᠷᠤᠭ᠎ᠠ ᠶᠠᠩ ᠯᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠣᠷᠤᠯᠠᠭᠤᠯᠭ᠎ᠠ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠴᠢᠦᠢ ᠢᠦᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠦᠨ ᠯᠦ᠋ᠨ ᠬᠤᠤ  ᠺᠧ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠴᠧᠨ ᠵᠢᠶᠠᠨ ᡁᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠥᠪᠥᠷ ᠮᠣᠩᠭᠤᠯ ᠤᠨ ᠪᠣᠷᠤᠯᠠᠭᠤᠯᠭ᠎ᠠ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠥᠩ ᠯᠢᠶᠠᠩ᠂ ᠮᠧᠩ ᠨᠢᠦ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠯ ᠦ᠋ ᠰᠢ ᠴᠦᠨ᠂ ᠮᠧᠩ ᠨᠢᠦ ᠪᠦᠯᠦᠭᠯᠡᠯ ᠤᠨ ᠳ᠋ᠦᠡᠭ ᠰᠢᠶᠠᠨ ᠬᠤᠢ ᠲᠤᠬᠠᠶᠢᠯᠠᠭᠰᠠᠨ ᠠᠵᠢᠯ ᠤᠨ ᠬᠡᠯᠲᠡᠰ  ᠤᠨ  ᠬᠠᠷᠢᠭᠤᠴᠠᠯᠭᠠᠲᠠᠨ  ᠸᠠᠩ  ᠱᠦ  ᠵᠢᠶᠦ᠋ᠨ  ᠨᠠᠷ  ᠠᠵᠢᠯᠯᠠᠭ᠎ᠠ  ᠳᠤ  ᠣᠷᠣᠯᠴᠠᠵᠠᠢ᠃    ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠦᠨ ᠯᠦᠨ ᠬᠤᠤ ᠺᠧ᠂ ᠮᠧᠩ ᠨᠢᠦ ᠶᠢᠨ ᠯᠸᠡᠭ ᠪᠢᠡᠭ ᠴᠢ ᠵᠡᠷᠭᠡ ᠠᠵᠤ ᠠᠬᠤᠶᠢᠯᠠᠯ ᠨᠢ ᠡᠯᠪᠡᠭ ᠪᠠᠶᠠᠯᠢᠭ ᠬᠠᠮᠢᠶᠠᠷᠤᠯᠲᠠ ᠶᠢᠨ ᠲᠤᠷᠰᠢᠯᠭ᠎ᠠ᠂ ᠪᠦᠷᠢᠨ ᠲᠡᠭᠦᠯᠳᠡᠷ ᠬᠠᠩᠭᠠᠯᠭ᠎ᠠ ᠶᠢᠨ ᠰᠢᠰᠲ᠋ᠧᠮ᠂ ᠪᠣᠯᠪᠠᠰᠤᠷᠠᠩᠭᠤᠢ ᠪᠣᠷᠤᠯᠠᠭᠤᠯᠭ᠎ᠠ ᠶᠢᠨ ᠰᠦᠯᠵᠢᠶ᠎ᠡ᠂ ᠪᠦᠳᠤᠭᠡᠭᠳᠡᠬᠦᠨ ᠤ ᠰᠢᠯᠢᠳᠡᠭ ᠶᠠᠰᠤ ᠴᠢᠨᠠᠷ᠂ ᠴᠢᠨᠠᠷ ᠰᠠᠶᠢᠲᠠᠢ ᠦᠢᠯᠡᠴᠢᠯᠡᠭᠡᠨ ᠤ ᠴᠢᠳᠠᠪᠤᠷᠢ ᠪᠠ ᠬᠦᠴᠦᠷᠬᠡᠭ ᠶᠡᠭᠡ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠲᠠᠢ ᠶᠤᠮ᠃ ᠡᠭᠦᠨ ᠳᠤ᠂ ᠺᠦᠨ ᠯᠦ᠋ᠨ ᠬᠤᠤ  ᠺᠧ ᠪᠣᠯ ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠣᠮᠫᠠᠨᠢ ᠶᠢᠨ ᠬᠠᠷᠢᠶᠠᠨ ᠳᠠᠬᠢ ᠴᠢᠯᠠᠭᠤᠨ ᠲᠣᠰᠣᠨ ᠤ ᠲᠤᠬᠠᠶᠢᠯᠠᠭᠰᠠᠨ ᠠᠵᠢᠯ ᠤᠨ ᠪᠤᠰᠤ ᠨᠠᠷᠠᠲᠤ ᠲᠡᠮᠳᠡᠭ ᠮᠥᠨ᠂ 1500 ᠭᠠᠷᠤᠢ ᠵᠦᠢᠯ ᠤᠨ ᠥᠪᠡᠷ ᠤᠨ ᠲᠠᠸᠠᠷ ᠢ ᠨᠡᠭᠡᠭᠡᠨ ᠬᠥᠭᠵᠢᠭᠦᠯᠵᠦ᠂ ᠨᠠᠷᠠᠲᠤ ᠲᠡᠮᠳᠡᠭ ᠤᠨ ᠥᠷᠲᠡᠭ ᠨᠢ 200 ᠳ᠋ᠦᠩᠰᠢᠭᠤᠷ ᠲᠥᠭᠦᠷᠢᠭ ᠭᠦᠷᠴᠦ᠂ ᠳᠤᠮᠳᠠᠳᠤ ᠤᠯᠤᠰ ᠤᠨ ᠵᠢᠵᠢᠭᠯᠡᠨ ᠬᠤᠳᠠᠯᠳᠤᠬᠤ ᠠᠵᠢᠯ ᠲᠥᠷᠥᠯ ᠤᠨ ᠨᠠᠷᠠᠲᠤ ᠲᠡᠮᠳᠡᠭ ᠤᠨ ᠰᠢᠨ᠎ᠡ ᠬᠡᠪ ᠳᠠᠭᠤᠷᠢᠶᠠᠯ ᠪᠠᠶᠢᠵᠦ᠂ ᠵᠢᠵᠢᠭᠯᠡᠨ ᠬᠤᠳᠠᠯᠳᠤᠬᠤ ᠠᠵᠢᠯ ᠲᠥᠷᠥᠯ ᠤᠨ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠤᠷᠤᠰᠬᠠᠯ ᠢ ᠬᠥᠲᠥᠯᠥᠨ ᠳᠠᠭᠠᠭᠤᠯᠵᠤ ᠪᠣᠶ︔ ᠮᠧᠩ ᠨᠢᠦ ᠶᠢᠨ ᠯᠸᠡᠭ ᠪᠢᠡᠭ ᠴᠢ ᠪᠣᠯ ᠮᠧᠩ ᠨᠢᠦ ᠪᠦᠯᠦᠭᠯᠡᠯ ᠤᠨ ᠬᠠᠷᠢᠶᠠᠨ ᠳᠠᠬᠢ ᠬᠥᠯᠳᠡᠭᠡᠭᠰᠡᠨ ᠰᠢᠨ᠎ᠡ ᠰᠣᠷᠭᠤᠭ ᠢᠳᠡᠭᠡᠨ ᠤᠮᠳᠠᠭᠠᠨ ᠤ ᠵᠦᠢᠯ᠂ ᠨᠡᠶᠢᠭᠡᠮ ᠲᠣᠭᠤᠷᠢᠭ ᠲᠤ ᠦᠢᠯᠡᠴᠢᠯᠡᠭᠦ ᠪᠠᠷ ᠰᠠᠭᠤᠷᠢᠯᠠᠭᠰᠠᠨ ᠴᠢᠬᠤᠯᠠ ᠨᠠᠷᠠᠲᠤ ᠲᠡᠮᠳᠡᠭ ᠮᠥᠨ᠂ ᠦᠬᠡᠷ ᠬᠤᠨᠢᠨ ᠮᠢᠬ᠎ᠠ᠂ ᠵᠠᠶᠢᠷᠮᠠᠭ᠂ ᠬᠠᠯᠠᠭᠤᠨ ᠲᠣᠭᠤᠭ᠎ᠠ ᠱᠤᠷᠤᠯᠢᠭ ᠤᠨ ᠮᠠᠲ᠋ᠧᠷᠢᠶᠠᠯ ᠵᠡᠷᠭᠡ ᠣᠯᠠᠨ ᠶᠠᠩᠵᠤ ᠶᠢᠨ ᠬᠥᠯᠳᠡᠭᠡᠭᠰᠡᠨ ᠰᠢᠨ᠎ᠡ ᠰᠣᠷᠭᠤᠭ ᠪᠦᠳᠦᠭᠡᠭᠳᠡᠭᠦᠨ ᠦᠢᠯᠡᠳᠪᠦᠷᠢᠯᠡᠵᠦ᠂ ᠡᠷᠡᠭᠦᠯ ᠬᠥᠯᠳᠡᠭᠡᠭᠰᠡᠨ ᠰᠢᠨ᠎ᠡ ᠰᠣᠷᠭᠤᠭ ᠢᠳᠡᠭᠡᠨ ᠤ ᠮᠠᠲ᠋ᠧᠷᠢᠶᠠᠯ ᠤᠨ ᠠᠵᠢᠯ ᠲᠥᠷᠥᠯ ᠤᠨ ᠭᠦᠷᠢᠶᠡᠨ ᠳᠤ ᠥᠷᠭᠡᠨ ᠢᠶᠠᠷ ᠲᠠᠭᠠᠰᠢᠶᠠᠭᠳᠠᠵᠤ ᠪᠠᠶᠢᠨ᠎ᠠ᠃ ᠰᠢᠯᠢ ᠶᠢᠨ ᠭᠤᠣᠯ ᠬᠤᠨᠢᠨ ᠮᠢᠬ᠎ᠠ ᠨᠢ ᠰᠢᠨ᠎ᠡ ᠰᠣᠷᠭᠤᠭ᠂ ᠰᠢᠮ᠎ᠡ ᠲᠡᠵᠢᠭᠡᠯ ᠡᠯᠪᠡᠭ᠂ ᠦᠨᠦᠷ ᠠᠮᠳᠠ ᠨᠢ ᠥᠪᠡᠷᠮᠢᠴᠡ ᠣᠨᠴᠠᠯᠢᠭ ᠲᠠᠢ᠂ ᠵᠠᠰᠠᠭ ᠤᠨ ᠣᠷᠳᠣᠨ ᠠᠴᠠ ᠲᠡᠮᠵᠢᠯᠭᠡ ᠬᠠᠨᠭ᠍ᠭᠠᠵᠦ ᠪᠠᠶᠢᠭ᠎ᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠦ ᠲᠡᠮᠳᠡᠭ ᠮᠦᠨ᠃ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠨᠢ ᠳᠤᠮᠳᠠᠳᠤ ᠤᠯᠤᠰ ᠤᠨ ᠴᠢᠯᠠᠭᠤᠨ ᠲᠣᠰᠣ᠂ ᠮᠧᠩ ᠨᠢᠦ ᠪᠦᠯᠦᠭᠯᠡᠯ ᠲᠠᠢ ᠭᠠᠷ ᠬᠤᠯᠪᠣᠨ ᠬᠠᠮᠲᠤᠷᠠᠯᠴᠠᠵᠦ ᠪᠠᠶᠢᠭ᠎ᠠ ᠶᠢᠨ ᠵᠣᠷᠢᠯᠭ᠎ᠠ ᠨᠢ ᠰᠢᠯᠢ ᠶᠢᠨ ᠭᠤᠣᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠬᠢᠭᠡᠳ ᠬᠤᠶᠠᠷ ᠺᠣᠮᠫᠠᠨᠢ ᠶᠢᠨ ᠨᠠᠷᠠᠲᠤ ᠲᠡᠮᠳᠡᠭ ᠬᠠᠷᠢᠯᠴᠠᠨ ᠡᠨᠧᠷᠬᠢ  ᠤᠯᠭᠤᠵᠦ᠂ ᠬᠠᠮᠲᠤᠪᠡᠷ ᠬᠥᠭᠵᠢᠨ᠂ ᠬᠤᠶᠠᠷ ᠲᠠᠯ᠎ᠠ ᠶᠢᠨ ᠡᠬᠢ ᠪᠠᠶᠠᠯᠢᠭ᠂ ᠪᠦᠲᠦᠭᠡᠭᠳᠡᠬᠦᠨ᠂ ᠠᠷᠭ᠎ᠠ ᠵᠠᠮ᠂ ᠨᠠᠷᠠᠲᠤ ᠲᠡᠮᠳᠡᠭ ᠵᠡᠷᠭᠡ ᠳᠠᠪᠠᠭᠤᠯᠢᠭ ᠢ ᠠᠰᠢᠭᠯᠠᠨ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠨᠢᠭᠡ ᠲᠠᠯ᠎ᠠ ᠪᠠᠷ ᠠᠵᠤ ᠠᠬᠤᠶᠢᠯᠠᠯ ᠳᠤ ᠡᠷᠡᠭᠦᠯ᠂ ᠪᠣᠬᠢᠷᠲᠤᠯ ᠦᠭᠡᠢ᠂ ᠠᠮᠢ ᠠᠬᠤᠢ ᠶᠢᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠠᠩᠭᠠᠵᠤ᠂ ᠪᠥᠬᠦ ᠤᠯᠤᠰ ᠤᠨ ᠬᠡᠷᠡᠭᠯᠡᠭᠴᠢᠳ ᠲᠤ ᠵᠢᠩᠬᠢᠨᠢ ᠰᠢᠯᠢ ᠶᠢᠨ ᠭᠤᠣᠯ ᠤᠨ ᠬᠤᠨᠢᠨ ᠮᠢᠬ᠎ᠠ ᠶᠢ ᠦᠨᠡᠨ ᠬᠦ ᠡᠳ᠋ᠯᠡᠭᠦᠯᠭᠦ ᠶᠢᠨ ᠲᠦᠯᠦᠭᠡ ᠶᠤᠮ︔ ᠨᠥᠭᠦᠭᠡ ᠲᠠᠯ᠎ᠠ ᠪᠠᠷ ᠠᠵᠤ ᠠᠬᠤᠶᠢᠯᠠᠯ ᠤᠨ ᠪᠣᠯᠪᠠᠰᠤᠷᠠᠩᠭᠤᠢ ᠬᠠᠩᠭᠠᠯᠭ᠎ᠠ ᠶᠢᠨ ᠰᠢᠰᠲ᠋ᠧᠮ ᠪᠠ ᠪᠣᠷᠤᠯᠠᠭᠤᠯᠭ᠎ᠠ ᠶᠢᠨ ᠲᠣᠣᠷ ᠰᠦᠯᠵᠢᠶ᠎ᠡ ᠶᠢ ᠠᠰᠢᠭᠯᠠᠨ᠂ ᠰᠢᠯᠢ ᠶᠢᠨ ᠭᠤᠣᠯ ᠬᠤᠨᠢ ᠵᠢᠴᠢ ᠰᠢᠯᠢ ᠶᠢᠨ ᠭᠤᠣᠯ ᠤᠨ ᠨᠠᠩ ᠣᠯᠠᠨ ᠨᠠᠷᠠᠲᠤ ᠰᠢᠯᠢᠳᠡᠭ ᠣᠨᠴᠠ ᠭᠠᠷᠤᠯᠲᠠ ᠶᠢ ᠪᠥᠬᠦ ᠤᠯᠤᠰ ᠤᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠣᠷᠣᠭᠤᠯᠵᠤ᠂ ᠰᠢᠯᠢ ᠶᠢᠨ ᠭᠤᠣᠯ ᠤᠨ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠤᠬᠠᠢ ᠶᠢᠨ ᠭᠠᠵᠠᠷ ᠤᠨ ᠪᠣᠬᠢᠷᠲᠤᠯ ᠦᠭᠡᠢ ᠠᠮᠢ ᠠᠬᠤᠢ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠰᠠᠶᠢᠲᠠᠢ ᠪᠥᠭᠡᠳ ᠦᠨ᠎ᠡ ᠬᠦᠷᠬᠦ ᠶᠢ ᠠᠬᠢᠭᠤᠯᠵᠤ᠂ ᠲᠠᠯ᠎ᠠ ᠨᠤᠲᠤᠭ ᠤᠨ ᠬᠢᠯᠢ ᠬᠢᠵᠠᠭᠠᠷ ᠤᠨ ᠨᠠᠩ ᠣᠯᠠᠨ ᠮᠠᠯᠴᠢᠨ ᠲᠠᠷᠢᠶᠠᠴᠢᠨ ᠢ ᠪᠦᠲᠦᠮᠵᠢᠲᠡᠶ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠲᠦᠯᠦᠭᠡ ᠶᠤᠮ᠃   ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠪᠤᠯ ᠰᠢᠯᠢ ᠶᠢᠨ ᠭᠤᠣᠯ ᠠᠶᠢᠮᠠᠭ ᠤᠨ ᠠᠮᠢ ᠠᠬᠤᠢ ᠶᠢ ᠤᠷᠢᠳ ᠢᠶᠠᠷ ᠪᠤᠳᠤᠯᠭᠢᠯᠠᠬᠤ᠂ ᠪᠣᠬᠢᠷᠲᠤᠯ ᠦᠭᠡᠢ ᠬᠥᠭᠵᠢᠭᠦᠯᠭᠦ ᠤᠶᠢᠯᠠᠭᠠᠬᠳᠠᠬᠤᠨ ᠢ ᠦᠢᠯᠡᠳᠦᠯᠭᠡᠵᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠭᠦᠭᠵᠢᠭᠦᠯᠦᠨ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠬᠤ ᠪᠠᠷ ᠲᠠᠮᠵᠢᠨ ᠡᠭᠦᠳᠦᠭᠰᠡᠨ ᠰᠢᠯᠢ ᠶᠢᠨ ᠭᠤᠣᠯ ᠠᠶᠢᠮᠠᠭ ᠤᠨ ᠠᠩᠬᠠᠳᠠᠭᠴᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠪᠣᠯᠣᠨ᠎ᠠ᠃ ᠨᠡᠷᠡᠲᠦ ᠲᠡᠮᠳᠡᠭ ᠢ ᠡᠭᠦᠳᠦᠭᠰᠡᠨ ᠠᠴᠠ ᠨᠠᠭᠠᠰᠢ᠂ ᠦᠵᠦ ᠲᠥᠯᠥᠪᠯᠡᠭᠡ᠂ ᠢᠵᠢ ᠪᠦᠷᠢᠳᠦᠭᠰᠡᠨ ᠳᠦᠷᠢᠮ᠂ ᠨᠡᠷᠡᠲᠦ ᠲᠡᠮᠳᠡᠭ ᠤᠨ ᠬᠠᠮᠠᠭᠠᠯᠠᠯᠲᠠ᠂ ᠡᠷᠬᠡ ᠣᠯᠭᠤᠨ ᠬᠡᠷᠡᠭᠯᠡᠭᠦᠯᠬᠦ ᠠᠴᠠ ᠶᠠᠰᠤ ᠴᠢᠨᠠᠷ ᠢ ᠬᠠᠮᠢᠶᠠᠷᠤᠨ ᠡᠵᠡᠮᠳᠡᠬᠦ᠂ ᠪᠦᠳᠦᠭᠡᠭᠳᠡᠭᠦᠨ ᠢ ᠨᠡᠭᠡᠭᠡᠨ ᠬᠥᠭᠵᠢᠭᠦᠯᠬᠦ᠂ ᠨᠡᠷᠡᠲᠦ ᠲᠡᠮᠳᠡᠭ ᠤᠨ ᠳᠠᠮᠵᠢᠭᠤᠯᠭ᠎ᠠ᠂ ᠠᠷᠭ᠎ᠠ ᠵᠠᠮ ᠤᠨ ᠪᠦᠲᠦᠭᠡᠨ ᠪᠠᠶᠢᠭᠤᠯᠤᠯᠲᠠ ᠬᠦᠷᠲᠡᠯ᠎ᠡ ᠪᠣᠯᠪᠠᠰᠤᠷᠠᠩᠭᠤᠢ ᠲᠡᠭᠦᠯᠳᠡᠷᠵᠢᠭᠰᠡᠨ ᠨᠠᠷᠠᠲᠤ ᠲᠡᠮᠳᠡᠭ ᠤᠨ ᠡᠵᠡᠩᠨᠡᠯᠲᠡ ᠬᠠᠮᠢᠶᠠᠷᠤᠯᠲᠠ ᠶᠢᠨ ᠰᠢᠰᠲ᠋ᠧᠮ ᠢ ᠪᠦᠷᠢᠯᠳᠦᠭᠦᠯᠵᠦ᠂ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠪᠠ ᠨᠡᠷ᠎ᠠ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠠᠷᠠᠲᠤ ᠲᠡᠮᠳᠡᠭ ᠢ ᠠᠰᠢᠭᠯᠠᠯᠲᠠ ᠳᠤ ᠣᠷᠣᠭᠤᠯᠤᠭᠰᠠᠨ ᠭᠤᠷᠪᠠᠨ ᠵᠢᠯ ᠤᠨ ᠬᠤᠭᠤᠴᠠᠭᠠᠨ ᠳᠤ ᠨᠡᠶᠢᠳᠡ 63.3 ᠲᠦᠮᠡᠡ ᠰᠢᠯᠢ ᠶᠢᠨ ᠭᠤᠣᠯ ᠬᠤᠨᠢ ᠶᠢ ᠡᠳ᠋ᠰᠢᠭᠦᠯᠦᠨ ᠪᠣᠯᠪᠠᠰᠤᠷᠠᠭᠤᠯᠵᠤ᠂ ᠨᠠᠷᠠᠲᠤ ᠲᠡᠮᠳᠡᠭ ᠤᠨ ᠡᠷᠬᠡ ᠣᠯᠭᠤᠭᠰᠠᠨ ᠪᠦᠳᠦᠭᠡᠭᠳᠡᠭᠦᠨ ᠢ ᠨᠡᠶᠢᠲᠡ 8000 ᠭᠠᠷᠤᠢ ᠲᠣᠨ ᠦᠢᠯᠡᠳᠪᠦᠷᠢᠯᠡᠵᠦ᠂ ᠪᠦᠳᠦᠭᠡᠭᠳᠡᠭᠦᠨ ᠤ ᠦᠨ᠎ᠡ ᠦᠰᠦᠯᠳᠡ ᠶᠢᠨ ᠬᠢᠷᠢ ᠲᠦᠪᠰᠢᠨ 8.7% ᠬᠦᠷᠪᠡ᠃ 2023 ᠣᠨ ᠳᠤ᠂ ᠨᠠᠷᠠᠲᠤ ᠲᠡᠮᠳᠡᠭ ᠢ ᠭᠦᠳᠡᠭᠡ ᠠᠵᠦ ᠠᠬᠤᠢ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠨᠠᠷᠠᠲᠤ ᠲᠡᠮᠳᠡᠭ ᠤᠨ ᠰᠣᠳᠣᠨ ᠪᠦᠲᠦᠭᠡᠭᠳᠡᠬᠦᠨ ᠢ ᠪᠤᠶᠢᠵᠢᠭᠤᠯᠬᠤ ᠲᠥᠯᠥᠪᠯᠡᠭᠡ ᠳᠤ ᠰᠣᠩᠭᠤᠨ ᠣᠷᠣᠭᠤᠯᠵᠤ᠂ ᠪᠥᠬᠦ ᠥᠪᠡᠷᠲᠡᠭᠡᠨ ᠵᠠᠰᠠᠬᠤ ᠣᠷᠣᠨ ᠠᠴᠠ ᠴᠣᠷ ᠤᠨ ᠭᠠᠭᠴᠠ ᠰᠤᠩᠭᠤᠬᠳᠠᠭᠰᠠᠨ ᠮᠠᠯ ᠵᠢᠭᠦᠷᠲᠡᠨ ᠤ ᠲᠥᠷᠥᠯ ᠤᠨ ᠨᠠᠷᠠᠲᠤ ᠲᠡᠮᠳᠡᠭ ᠪᠣᠯᠭᠠᠪᠠ᠃ 2024 ᠣᠨ ᠳᠤ᠂ ᠰᠢᠯᠢ ᠶᠢᠨ ᠭᠤᠣᠯ ᠠᠶᠢᠮᠠᠭ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠡᠷᠬᠡ ᠣᠯᠭᠤᠯᠳᠠ ᠪᠠ ᠬᠡᠷᠡᠭᠯᠡᠯᠲᠡ ᠶᠢᠨ ᠲᠠᠯ᠎ᠠ ᠪᠠᠷ ᠨᠠᠩ ᠴᠢᠩᠭ᠎ᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠴᠢᠷᠮᠠᠶᠢᠨ ᠲᠡᠰ ᠲᠡᠪᠰᠢᠭᠦᠯᠵᠦ᠂ ᠡᠴᠦᠰ ᠲᠡᠭᠡᠨ 9 ᠠᠵᠤ ᠠᠬᠤᠶᠢᠯᠠᠯ ᠳᠤ ᠨᠠᠷᠠᠲᠤ ᠲᠡᠮᠳᠡᠭ ᠤᠨ ᠡᠷᠬᠡ ᠣᠯᠭᠤᠬᠤ ᠪᠠᠷ ᠲᠤᠬᠳᠠᠪᠠ᠃ ᠣᠳᠣᠬᠠᠨ ᠳᠤ᠂ ᠡᠷᠬᠡ ᠣᠯᠭᠤᠭᠰᠠᠨ 9 ᠠᠵᠤ ᠠᠬᠤᠶᠢᠯᠠᠯ ᠨᠢᠭᠡᠨᠳᠡ 3800 ᠭᠠᠷᠤᠢ ᠮᠠᠯᠴᠢᠨ ᠡᠷᠦᠬᠡ ᠲᠠᠢ ᠬᠤᠨᠢ ᠬᠤᠳᠠᠯᠳᠤᠨ ᠠᠪᠬᠤ ᠵᠠᠬᠢᠶᠠᠯᠠᠭ᠎ᠠ ᠲᠣᠭᠲᠠᠵᠤ᠂ ᠵᠢᠯ ᠤᠨ ᠳᠣᠲᠣᠷ᠎ᠠ ᠰᠢᠯᠢ ᠶᠢᠨ ᠭᠤᠣᠯ ᠤᠨ ᠬᠤᠨᠢ ᠶᠢ 80 ᠲᠦᠮᠡ ᠠᠴᠠ ᠳᠡᠭᠡᠭᠰᠢ ᠬᠤᠳᠠᠯᠳᠤᠨ ᠠᠪᠴᠤ ᠡᠳ᠋ᠰᠢᠭᠦᠯᠦᠨ ᠪᠣᠯᠪᠠᠰᠤᠷᠠᠭᠤᠯᠬᠤ ᠪᠠᠷ ᠲᠦᠯᠦᠪᠯᠡᠵᠦ᠂ ᠵᠢᠱᠢᠯᠲᠡ ᠪᠠᠷ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠬᠤᠪᠢ ᠶᠢᠨ ᠵᠢᠩ ᠢ 40%  ᠠᠴᠠ ᠳᠡᠭᠡᠭᠰᠢ ᠬᠦᠷᠭᠡᠨ᠂ ᠪᠦᠲᠦᠭᠡᠭᠳᠡᠬᠦᠨ ᠤ ᠦᠨ᠎ᠡ ᠶᠢ 8%  ᠠᠴᠠ ᠳᠡᠭᠡᠭᠰᠢ ᠥᠰᠬᠡᠬᠦ ᠶᠢ ᠪᠡᠶᠡᠯᠡᠭᠦᠯᠵᠦ᠂ ᠰᠢᠯᠢ ᠶᠢᠨ ᠭᠤᠣᠯ ᠬᠤᠨᠢᠨ ᠤ ᠨᠠᠷᠠᠲᠤ ᠲᠡᠮᠳᠡᠭ ᠤᠨ ᠴᠢᠨᠠᠷ ᠰᠠᠶᠢᠲᠠᠢ ᠦᠨ᠎ᠡ ᠬᠦᠷᠬᠦ ᠨᠠᠷᠠᠲᠤ ᠲᠡᠮᠳᠡᠭ ᠤᠨ ᠰᠢᠰᠲ᠋ᠧᠮ ᠪᠠ ᠥᠷᠲᠡᠭ ᠤᠨ ᠰᠢᠰᠲ᠋ᠧᠮ ᠢ ᠪᠦᠷᠢᠯᠳᠦᠬᠦᠯᠭᠦ ᠶᠢ ᠠᠬᠢᠭᠤᠯᠵᠤ᠂ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠨ᠎ᠠ᠃                                                           ᠣᠷᠴᠢᠭᠤᠯᠣᠭᠴᠢ᠄ ᠣᠶᠣᠩᠬᠤᠸᠠᠷ  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号