ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭ᠎ᠠ ᠣᠯᠠᠨ ᠲᠠᠯ᠎ᠠ ᠶᠢᠨ ᠬᠦᠴᠦᠯᠡᠯ 2024 ᠣᠨ ᠤ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠡᠷᠬᠡ ᠣᠯᠭᠤᠬᠤ ᠶᠣᠰᠣᠯᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/29
     ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠭᠤᠣᠯᠯᠠᠨ ᠡᠷᠬᠢᠯᠡᠭᠰᠡᠨ 2024 ᠣᠨ ᠤ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠡᠷᠬᠡ ᠣᠯᠭᠤᠬᠤ ᠶᠣᠰᠣᠯᠠᠯ ᠪᠡᠭᠡᠵᠢᠩ ᠳᠤ ᠶᠠᠪᠤᠭᠳᠠᠪᠠ᠃ ᠳᠤᠮᠳᠠᠳᠤ ᠤᠯᠤᠰ ᠤᠨ ᠤᠯᠠᠭᠠᠨ ᠢᠳᠡᠬᠡᠨ ᠤ ᠲᠥᠷᠥᠯ ᠤᠨ ᠨᠡᠶᠢᠭᠡᠮᠯᠢᠭ ᠤᠨ ᠳᠠᠷᠤᠭ᠎ᠠ ᠴᠧᠨ ᠸᠧᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠠᠵᠢᠯᠯᠠᠭ᠎ᠠ ᠳᠤ ᠣᠷᠣᠯᠴᠠᠭᠰᠠᠨ ᠪᠥᠭᠡᠳ ᠦᠭᠡ ᠬᠡᠯᠡᠵᠡᠢ᠃ ᠳᠤᠮᠳᠠᠳᠤ ᠤᠯᠤᠰ ᠤᠨ ᠬᠦᠳᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠦᠳᠡᠭᠡ ᠠᠵᠦ ᠠᠬᠤᠢ ᠶᠢᠨ ᠮᠡᠳᠡᠭᠡ ᠵᠠᠩᠭᠢ ᠶᠢᠨ ᠰᠤᠳᠤᠯᠭᠠᠨ ᠤ ᠭᠠᠵᠠᠷ ᠤᠨ ᠳᠠᠷᠤᠭ᠎ᠠ ᠵᠧᠦ ᠴᠢᠩ ᠪᠥᠸᠧ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠣᠷᠤᠯᠠᠭᠤᠯᠭ᠎ᠠ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠴᠢᠦᠢ ᠢᠦᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠦᠨ ᠯᠦ᠋ᠨ ᠬᠤᠤ  ᠺᠧ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠴᠧᠨ ᠵᠢᠶᠠᠨ ᡁᠢ᠂ ᠮᠧᠩ ᠨᠢᠦ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠯ ᠦ᠋ ᠰᠢ ᠴᠦᠨ᠂ ᠪᠡᠭᠡᠵᠢᠩ ᠬᠤᠲᠠ᠂ ᠥᠪᠡᠷᠲᠡᠭᠡᠨ ᠵᠠᠰᠠᠬᠤ ᠣᠷᠣᠨ ᠵᠡᠷᠭᠡ ᠭᠠᠵᠠᠷ ᠤᠨ ᠬᠤᠯᠪᠤᠬᠳᠠᠯ ᠪᠦᠬᠦᠢ ᠬᠠᠷᠢᠭᠤᠴᠠᠯᠭᠠᠲᠠᠨ᠂ ᠠᠵᠤ ᠠᠬᠤᠶᠢᠯᠠᠯ ᠤᠨ ᠲᠥᠯᠥᠭᠡᠯᠡᠭᠴᠢ ᠪᠠ ᠮᠠᠯᠴᠢᠳ ᠤᠨ ᠲᠥᠯᠥᠭᠡᠯᠡᠭᠴᠢ ᠵᠡᠷᠭᠡ 150 ᠭᠠᠷᠤᠢ ᠬᠥᠮᠥᠨ ᠠᠵᠢᠯᠯᠠᠭ᠎ᠠ ᠳᠤ ᠣᠷᠣᠯᠴᠠᠵᠤ᠂ ᠰᠢᠯᠢ ᠶᠢᠨ ᠭᠤᠣᠯ ᠬᠤᠨᠢᠨ ᠤ ᠨᠠᠷᠠᠲᠤ ᠲᠡᠮᠳᠡᠭ ᠤᠨ ᠡᠷᠬᠡ ᠣᠯᠭᠤᠯᠲᠠ ᠶᠢ ᠬᠠᠮᠲᠤ ᠪᠠᠷ ᠭᠡᠷᠡᠴᠢᠯᠡᠵᠦ ᠨᠠᠷᠠᠲᠤ ᠲᠡᠮᠳᠡᠭ ᠤᠨ ᠪᠠᠶᠢᠭᠤᠯᠤᠯᠲᠠ ᠬᠥᠭᠵᠢᠯᠲᠡ ᠶᠢ ᠬᠠᠮᠲᠤ ᠪᠠᠷ ᠵᠥᠪᠳᠡᠯᠴᠡᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠤᠨᠢᠨ ᠮᠢᠬ᠎ᠠ ᠡᠳ᠋ᠰᠢᠬᠦᠯᠦᠨ ᠪᠣᠯᠪᠠᠰᠤᠷᠠᠭᠤᠯᠬᠤ 6 ᠠᠵᠤ ᠠᠬᠤᠶᠢᠯᠠᠯ ᠪᠣᠯᠣᠨ ᠪᠣᠷᠤᠯᠠᠭᠤᠯᠭ᠎ᠠ ᠶᠢᠨ ᠠᠷᠭ᠎ᠠ ᠵᠠᠮ ᠤᠨ 3 ᠠᠵᠤ ᠠᠬᠤᠶᠢᠯᠠᠯ ᠳᠤ ᠨᠡᠷᠡᠲᠦ ᠲᠡᠮᠳᠡᠭ ᠤᠨ ᠡᠷᠬᠡ ᠣᠯᠭᠤᠪᠠ᠂ ᠡᠨᠡ ᠨᠢ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠪᠠᠶᠢᠭᠤᠯᠤᠯᠲᠠ ᠶᠢ ᠲᠠᠬᠢᠨᠳᠠ ᠲᠦᠷᠭᠡᠳᠬᠡᠵᠦ᠂ ᠲᠠᠬᠢᠨᠳᠠ ᠲᠡᠰ ᠳᠡᠪᠰᠢᠭᠦᠯᠵᠦ᠂ ᠤᠳᠤ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ᠂ ᠰᠢᠨ᠎ᠡ ᠳᠠᠪᠠᠭᠤᠯᠢᠭ ᠢ ᠲᠦᠷᠭᠡᠨ ᠪᠤᠢ ᠪᠣᠯᠭᠠᠵᠤ ᠪᠠᠶᠢᠬᠤ ᠶᠢ ᠬᠠᠷᠠᠭᠤᠯᠵᠤ ᠪᠠᠶᠢᠨ᠎ᠠ᠃      ᠣᠶᠢᠯᠠᠭᠠᠭᠰᠠᠨ ᠢᠶᠠᠷ᠂ ᠡᠨᠡ ᠵᠢᠯ᠂ ᠰᠢᠯᠢ ᠶᠢᠨ ᠭᠤᠣᠯ ᠠᠶᠢᠮᠠᠭ ᠰᠢᠯᠢ ᠶᠢᠨ ᠭᠤᠣᠯ ᠠᠶᠢᠮᠠᠭ ᠤᠨ ᠡᠷᠳᠡᠨᠢ ᠢᠳᠡᠭᠡᠨ ᠤ ᠬᠢᠵᠠᠭᠠᠷᠲᠤ ᠺᠣᠮᠫᠠᠨᠢ᠂ ᠠᠪᠠᠭ᠎ᠠ ᠬᠤᠰᠢᠭᠤᠨ ᠤ ᠡᠷᠳᠡᠨᠢ ᠢᠳᠡᠭᠡᠨ ᠤ ᠬᠢᠵᠠᠭᠠᠷᠲᠤ ᠺᠣᠮᠫᠠᠨᠢ᠂ ᠵᠡᠭᠦᠨ ᠦᠵᠦᠮᠦᠴᠢᠨ ᠬᠤᠰᠢᠭᠤᠨ ᠤ ᠴᠢᠨ ᠮᠦ ᠢᠳᠡᠭᠡᠨ ᠤ ᠬᠢᠵᠠᠭᠠᠷᠲᠤ ᠺᠣᠮᠫᠠᠨᠢ᠂ ᠪᠠᠷᠠᠭᠤᠨ ᠦᠵᠦᠮᠦᠴᠢᠨ ᠬᠤᠰᠢᠭᠤᠨ ᠤ ᠴᠢᠨ ᠯᠢᠦᠢ ᠤᠯᠠᠭᠠᠨ ᠢᠳᠡᠬᠡᠨ ᠤ ᠬᠢᠵᠠᠭᠠᠷᠲᠠᠢ ᠬᠠᠷᠢᠭᠤᠴᠠᠯᠭᠠᠲᠤ ᠺᠣᠮᠫᠠᠨᠢ᠂ ᠰᠥᠨᠢᠳ ᠵᠡᠭᠦᠨ ᠬᠤᠰᠢᠭᠤᠨ ᠤ ᠮᠠᠨᠳᠠᠯᠲᠤ ᠤᠯᠠᠭᠠᠨ ᠢᠳᠡᠭᠡᠨ ᠤ ᠬᠢᠵᠠᠭᠠᠷᠲᠤ ᠺᠣᠮᠫᠠᠨᠢ᠂ ᠰᠥᠨᠢᠳ ᠵᠡᠭᠦᠨ ᠬᠤᠰᠢᠭᠤᠨ ᠤ ᠴᠢᠶᠣᠤ ᠢᠦᠢ ᠤᠯᠠᠭᠠᠨ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠬᠤᠨᠢᠨ ᠮᠢᠬ᠎ᠠ ᠡᠳ᠋ᠰᠢᠭᠦᠯᠦᠨ ᠪᠤᠯᠪᠠᠰᠤᠷᠠᠭᠤᠯᠬᠤ 6 ᠠᠵᠤ ᠠᠬᠤᠶᠢᠯᠠᠯ ᠵᠢᠴᠢ ᠳᠤᠮᠳᠠᠳᠤ ᠤᠯᠤᠰ ᠤᠨ ᠴᠢᠯᠠᠭᠤᠨ ᠲᠣᠰᠣᠨ ᠤ ᠥᠪᠥᠷ ᠮᠣᠩᠭᠤᠯ ᠤᠨ ᠪᠣᠷᠤᠯᠠᠭᠤᠯᠭ᠎ᠠ ᠶᠢᠨ ᠺᠣᠮᠫᠠᠨᠢ᠂ ᠮᠧᠩ ᠨᠢᠦ ᠪᠦᠯᠦᠭᠯᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ︵ᠱᠠᠩᠬᠠᠢ︶  ᠤᠨ ᠬᠢᠵᠠᠭᠠᠷᠲᠤ ᠺᠣᠮᠫᠠᠨᠢ᠂ ᠾᠧᠨᠠᠨ ᠤ ᠶᠦᠨ ᠯᠢᠶᠠᠨ ᠮᠠᠯᠵᠢᠯ ᠤᠨ ᠲᠠᠯᠠᠪᠠᠶ ᠶᠢᠨ ᠢᠳᠡᠭᠡᠨ ᠤ ᠮᠠᠲ᠋ᠧᠷᠢᠶᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠡᠷᠭᠡ ᠪᠣᠷᠤᠯᠠᠭᠤᠯᠭ᠎ᠠ ᠶᠢᠨ ᠠᠷᠭ᠎ᠠ ᠵᠠᠮ ᠤᠨ 3 ᠠᠵᠤ ᠠᠬᠤᠶᠢᠯᠠᠯ ᠢ ᠰᠤᠩᠭᠤᠨ ᠲᠤᠬᠲᠠᠭᠠᠵᠦ᠂ ᠨᠠᠷᠠᠲᠤ ᠲᠡᠮᠳᠡᠭ ᠤᠨ ᠡᠷᠬᠡ ᠣᠯᠭᠤᠯᠲᠠ ᠶᠢ ᠬᠡᠷᠡᠭᠵᠢᠭᠦᠯᠵᠠᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠪᠠᠰᠠ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ᠂ ᠳᠤᠮᠳᠠᠳᠤ ᠤᠯᠤᠰ ᠤᠨ ᠬᠦᠳᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠦᠳᠡᠭᠡ ᠠᠵᠦ ᠠᠬᠤᠢ ᠶᠢᠨ ᠮᠡᠳᠡᠭᠡ ᠵᠠᠩᠭᠢ ᠶᠢᠨ ᠰᠤᠳᠤᠯᠭᠠᠨ ᠤ ᠭᠠᠵᠠᠷ ᠪᠣᠯᠣᠨ ᠱᠧᠦ ᠨᠢᠦ ︵ᠪᠡᠭᠡᠵᠢᠩ︶ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠮᠲᠤ ᠪᠠᠷ ᠰᠤᠳᠤᠯᠤᠨ ᠨᠠᠶᠢᠷᠠᠭᠤᠯᠤᠭᠰᠠᠨ ︽ᠳᠤᠮᠳᠠᠳᠤ ᠤᠯᠤᠰ ᠤᠨ ᠬᠤᠨᠢᠨ ᠤ ᠠᠵᠤ ᠦᠢᠯᠡᠰ · ᠰᠢᠯᠢ ᠶᠢᠨ ᠭᠤᠣᠯ ᠤᠨ ᠵᠢᠭᠠᠯᠲᠠ ᠲᠤᠭ᠎ᠠ︾ ᠶᠢ ᠨᠡᠶᠢᠲᠡᠯᠡᠵᠦ᠂ ᠵᠢᠭᠠᠯᠲᠠ ᠲᠤᠭ᠎ᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠤᠨ᠂ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠠᠷ ᠪᠤᠢ᠃      ᠰᠢᠯᠢ ᠶᠢᠨ ᠭᠤᠣᠯ ᠬᠤᠨᠢᠨ ᠤ ᠴᠢᠨᠠᠷ ᠴᠢᠨᠰᠠᠭ᠎ᠠ ᠪᠠ ᠢᠲᠡᠭᠡᠯ ᠬᠦᠨᠳᠦ ᠶᠢ ᠪᠠᠲᠤᠯᠠᠬᠤ ᠶᠢᠨ ᠲᠥᠯᠥᠭᠡ᠂ ᠰᠢᠯᠢ ᠶᠢᠨ ᠭᠤᠣᠯ ᠠᠶᠢᠮᠠᠭ ᠮᠥᠷᠳᠡᠨ ᠡᠵᠡᠮᠳᠡᠵᠦ ᠬᠠᠭᠤᠷᠮᠠᠭ ᠢ ᠰᠡᠷᠭᠡᠶᠢᠯᠡᠬᠦ ᠰᠢᠰᠲ᠋ᠧᠮ ᠢ ᠪᠠᠶᠢᠭᠤᠯᠵᠤ᠂ ᠡᠷᠬᠡ ᠣᠯᠭᠤᠭᠰᠠᠨ ᠠᠵᠤ ᠠᠬᠤᠶᠢᠯᠠᠯ ᠪᠦᠬᠦᠨ ᠢ ᠤᠷᠢᠳᠴᠢᠯᠠᠨ ᠲᠣᠭᠲᠠᠭᠠᠵᠤ᠂ ᠪᠦᠬᠦ ᠶᠠᠪᠤᠴᠠ ᠳᠤ ᠮᠥᠷᠳᠡᠵᠦ᠂ ᠵᠠᠬᠢᠶᠠᠯᠠᠭ᠎ᠠ ᠪᠠᠷ ᠬᠤᠨᠢ ᠬᠤᠳᠠᠯᠳᠤᠨ ᠠᠪᠴᠤ᠂ ᠬᠤᠨᠢᠨ ᠤ ᠡᠭᠦᠯᠳᠡᠷ ᠨᠢ ᠴᠡᠪᠡᠷ᠂ ᠪᠠᠶᠢᠭᠠᠯᠢᠯᠢᠭ ᠪᠡᠯᠴᠢᠭᠡᠷ ᠲᠤ ᠪᠡᠯᠴᠢᠭᠡᠷᠯᠡᠭᠦᠯᠦᠭᠰᠡᠨ ᠰᠢᠯᠢ ᠶᠢᠨ ᠭᠤᠣᠯ ᠬᠤᠨᠢ ᠪᠣᠯᠬᠤ ᠶᠢ ᠪᠠᠲᠤᠯᠠᠵᠤ᠂ ᠲᠡᠵᠢᠭᠡᠨ ᠦᠷᠡᠵᠢᠭᠦᠯᠬᠦ᠂ ᠪᠣᠷᠣᠯᠠᠭᠤᠯᠬᠤ᠂ ᠦᠢᠯᠡᠳᠪᠦᠷᠢᠯᠡᠬᠦ ᠡᠯ᠎ᠡ ᠭᠤᠭᠴᠤᠭ᠎ᠠ ᠳᠤ ᠵᠠᠰᠠᠭ ᠤᠨ ᠣᠷᠳᠣᠨ ᠠᠴᠠ ᠴᠢᠩᠭ᠎ᠠ ᠬᠢᠨᠠᠯᠲᠠ ᠬᠠᠮᠢᠶᠠᠷᠤᠯᠲᠠ ᠶᠠᠪᠤᠭᠤᠯᠵᠤ᠂ ᠮᠠᠯᠵᠢᠯ ᠤᠨ ᠲᠠᠯᠠᠪᠠᠶ  ᠠᠴᠠ ᠬᠤᠭᠤᠯᠠᠨ ᠰᠢᠷᠡᠭᠡᠨ ᠳᠤ ᠬᠦᠷᠲᠡᠯᠡᠬᠢ ᠪᠥᠬᠦ ᠶᠠᠪᠤᠴᠠ ᠶᠢ ᠮᠥᠷᠳᠡᠠ᠂ ᠪᠥᠬᠦ ᠶᠠᠪᠤᠴᠠ ᠶᠢ ᠡᠵᠡᠮᠳᠡᠵᠦ ᠪᠣᠯᠬᠤ ᠶᠢ ᠪᠡᠶᠡᠯᠡᠭᠦᠯᠵᠦ᠂ ᠨᠠᠷᠠᠲᠤ ᠲᠡᠮᠳᠡᠭ ᠤᠨ ᠶᠠᠰᠤ ᠴᠢᠨᠠᠷ ᠢ ᠦᠨᠡᠨ ᠬᠦ ᠪᠠᠲᠤᠯᠠᠵᠠᠢ᠃ ᠡᠭᠦᠨ ᠤ ᠬᠠᠮᠲᠤ᠂ ᠵᠠᠰᠠᠭ ᠤᠨ ᠣᠷᠳᠣᠨ ᠠᠴᠠ ᠡᠷᠬᠡ ᠣᠯᠭᠤᠭᠰᠠᠨ ᠠᠵᠤ ᠠᠬᠤᠶᠢᠯᠠᠯ ᠤᠨ ᠠᠮᠠᠯᠠᠯᠲᠠ ᠪᠠᠨ ᠪᠡᠶᠡᠯᠡᠭᠦᠯᠬᠦ ᠶᠢ ᠱᠠᠯᠠᠪᠳᠠᠭᠤᠯᠵᠦ᠂ ᠵᠠᠬ᠎ᠠ ᠳᠡᠯᠭᠡᠭᠦᠷ ᠤᠨ ᠦᠨ᠎ᠡ ᠠᠴᠠ ᠥᠨᠳᠥᠷ ᠦᠨ᠎ᠡ ᠪᠠᠷ ᠵᠠᠬᠢᠶᠠᠯᠠᠭ᠎ᠠ ᠲᠤᠬᠲᠠᠬᠰᠠᠨ ᠰᠢᠯᠢ ᠶᠢᠨ ᠭᠤᠣᠯ ᠬᠤᠨᠢ ᠶᠢ ᠬᠤᠳᠠᠯᠳᠤᠨ ᠠᠪᠴᠤ᠂ ᠠᠵᠤ ᠠᠬᠤᠶᠢᠯᠠᠯ ᠬᠢᠭᠡᠳ ᠮᠠᠯᠵᠢᠬᠤ ᠡᠷᠦᠬᠡ ᠶᠢᠨ ᠠᠰᠢᠭ ᠲᠤᠰᠠ ᠶᠢᠨ ᠬᠤᠯᠪᠤᠭᠠᠲᠦ ᠲᠣᠭᠲᠠᠴᠠ ᠶᠢ ᠪᠠᠶᠢᠭᠤᠯᠤᠨ᠂ ᠮᠠᠯᠴᠢᠳ ᠤᠨ ᠨᠠᠷᠢᠯᠢᠭ ᠮᠠᠯᠵᠢᠨ ᠴᠦᠬᠡᠨ ᠮᠠᠯᠵᠢᠬᠤ ᠶᠢ ᠵᠣᠷᠢᠭᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠪᠠ ᠪᠡᠯᠴᠢᠭᠡᠷ ᠤᠨ ᠮᠠᠯ ᠠᠵᠤ ᠠᠬᠤᠢ ᠶᠢ ᠡᠷᠡᠭᠦᠯ ᠢᠶᠠᠷ ᠬᠥᠭᠵᠢᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠬᠠᠷᠢᠯᠴᠠᠨ ᠵᠣᠬᠢᠴᠠᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠵᠦ ᠪᠠᠶᠢᠨ᠎ᠠ᠃ 2021 — 2023 ᠣᠨ ᠳᠤ ᠰᠢᠯᠢ ᠶᠢᠨ ᠭᠤᠣᠯ ᠬᠤᠨᠢ ᠶᠢ ᠨᠡᠶᠢᠲᠡ 63.3 ᠲᠦᠮᠡ ᠶᠢ ᠡᠳ᠋ᠰᠢᠭᠦᠯᠦᠨ ᠮᠥᠷᠳᠡᠵᠦ᠂ ᠦᠢᠯᠡᠳᠪᠦᠷᠢᠯᠡᠭᠰᠡᠨ ᠨᠠᠷᠠᠲᠤ ᠲᠡᠮᠳᠡᠭ ᠤᠨ ᠡᠷᠬᠡ ᠣᠯᠭᠤᠭᠰᠠᠨ ᠪᠦᠲᠦᠭᠡᠭᠳᠡᠬᠦᠨ 8000 ᠭᠠᠷᠤᠢ ᠲᠣᠨ ᠢ ᠳᠠᠪᠠᠵᠤ᠂ ᠪᠦᠲᠦᠭᠡᠭᠳᠡᠬᠦᠨ ᠤ ᠥᠰᠦᠭᠰᠡᠨ ᠦᠨ᠎ᠡ ᠶᠢᠨ ᠬᠢᠷᠢ ᠲᠦᠪᠰᠢᠨ 8.7% ᠪᠣᠯᠲᠠᠯ᠎ᠠ ᠳᠡᠭᠡᠭᠰᠢᠯᠡᠪᠡ᠃      ᠡᠭᠦᠨ ᠠᠴᠠ ᠭᠠᠳᠠᠨ᠎ᠠ᠂ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠨᠠᠷᠠᠲᠤ ᠲᠡᠮᠳᠡᠭ ᠤᠨ ᠪᠦᠲᠦᠭᠡᠭᠳᠡᠬᠦᠨ ᠤ ᠥᠰᠦᠭᠰᠡᠨ ᠦᠨ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠰᠢᠯᠢ ᠶᠢᠨ ᠭᠤᠣᠯ ᠠᠶᠢᠮᠠᠭ ︽ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠵᠢᠵᠢᠭᠯᠡᠨ ᠬᠤᠳᠠᠯᠳᠤᠬᠤ ᠠᠷᠭ᠎ᠠ ᠵᠠᠮ ᠤᠨ ᠡᠷᠬᠡ ᠣᠯᠭᠤᠯᠳᠡ ᠶᠢᠨ ᠬᠡᠷᠡᠭᠵᠢᠭᠦᠯᠬᠦ ᠨᠠᠷᠢᠨ ᠳᠦᠷᠢᠮ︾  ᠢ ᠨᠡᠶᠢᠲᠡᠯᠡᠵᠦ᠂ ᠪᠡᠯᠡ ᠮᠥᠩᠭᠦ ᠶᠢᠨ ᠪᠣᠳᠠᠲᠤ ᠬᠦᠴᠦᠨ ᠪᠠ ᠵᠢᠵᠢᠭᠯᠡᠨ ᠬᠤᠳᠠᠯᠳᠤᠬᠤ ᠠᠷᠭ᠎ᠠ ᠵᠠᠮ ᠢ ᠨᠡᠭᠡᠭᠡᠨ ᠬᠥᠭᠵᠢᠭᠦᠯᠬᠦ ᠴᠢᠳᠠᠪᠤᠷᠢ ᠲᠠᠢ ᠠᠵᠤ ᠠᠬᠤᠶᠢᠯᠠᠯ ᠳᠤ ᠡᠷᠬᠡ ᠣᠯᠭᠤᠬᠤ ᠪᠠᠷ ᠳᠠᠮᠵᠢᠭᠤᠯᠤᠨ᠂ ᠬᠡᠷᠡᠭᠯᠡᠭᠴᠢ ᠠᠴᠠ ᠬᠠᠮᠤᠭ ᠤᠨ ᠤᠶᠢᠷᠠᠬᠠᠨ ᠬᠥᠮᠥᠷᠭᠡ᠂ ᠭᠤᠣᠯ ᠱᠤᠭᠤᠮ ᠤᠨ ᠪᠠᠷᠠᠭᠠᠨ ᠤ ᠭᠦᠢᠯᠭᠡᠭᠡ᠂ ᠬᠠᠩᠭᠠᠯᠭ᠎ᠠ ᠶᠢᠨ ᠬᠡᠯᠬᠢᠶᠡᠨ ᠤ ᠺᠣᠮᠫᠠᠨᠢ ᠶᠢᠨ ᠳᠡᠮᠵᠢᠯᠭᠡ ᠳᠤ ᠲᠦᠰᠢᠭᠯᠡᠵᠦ᠂ ᠨᠠᠷᠠᠲᠤ ᠲᠡᠮᠳᠡᠭ ᠤᠨ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠠᠷᠭ᠎ᠠ ᠵᠠᠮ ᠤᠨ ︽ᠡᠴᠦᠰ ᠤᠨ ᠨᠢᠭᠡ  ᠺᠢᠯᠤᠮᠧᠲᠷ︾  ᠤᠨ ᠠᠰᠠᠭᠤᠳᠠᠯ ᠢ ᠰᠶᠢᠳᠪᠦᠷᠢᠯᠡᠠ ᠨᠠᠷᠠᠲᠤ ᠲᠡᠮᠳᠡᠭ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠭᠡᠵᠦ᠂ ᠨᠠᠷᠠᠲᠤ ᠲᠡᠮᠳᠡᠭ ᠤᠨ ᠪᠦᠲᠦᠭᠡᠭᠳᠡᠬᠦᠨ ᠤ ᠴᠢᠨᠠᠷ ᠢ ᠳᠡᠭᠡᠭᠰᠢᠯᠡᠬᠦᠯᠦᠨ ᠥᠨᠳᠥᠷ ᠦᠨ᠎ᠡ ᠳᠤ ᠬᠦᠷᠭᠡᠬᠦ ᠶᠢ ᠪᠡᠶᠡᠯᠡᠭᠦᠯᠪᠡ᠃ ᠡᠨᠡ ᠵᠢᠯ ᠠᠴᠠ ᠨᠠᠭᠠᠰᠢ᠂ ᠨᠢᠭᠡᠨᠲᠡ ᠳᠤᠮᠳᠠᠳᠤ ᠤᠯᠤᠰ ᠤᠨ ᠴᠢᠯᠠᠭᠤᠨ ᠲᠣᠰᠣ᠂ ᠮᠧᠩ ᠨᠢᠦ ᠪᠦᠯᠦᠭᠯᠡᠯ᠂ ᠶᠦᠨ ᠯᠢᠶᠠᠨ ᠮᠠᠯᠵᠢᠯ ᠤᠨ ᠲᠠᠯᠠᠪᠠᠶ ᠵᠡᠷᠭᠡ ᠲᠣᠮᠣ ᠠᠵᠤ ᠠᠬᠤᠶᠢᠯᠠᠯ ᠲᠠᠢ ᠬᠠᠮᠲᠤᠷᠠᠵᠤ᠂ ︽ᠺᠦᠨ ᠯᠦ᠋ᠨ ᠬᠤᠦ  ᠺᠧ︾ ᠵᠡᠷᠭᠡ ᠰᠢᠯᠢᠳᠡᠭ ᠠᠷᠭ᠎ᠠ ᠵᠠᠮ ᠢᠶᠠᠷ ᠰᠢᠯᠢ ᠶᠢᠨ ᠭᠤᠣᠯ ᠤᠨ ᠬᠤᠨᠢ  ᠶᠢ ᠳᠡᠯᠡᠬᠡᠢ ᠳ᠋ᠠᠬᠢᠨ ᠳᠤ ᠠᠯᠳᠠᠷᠰᠢᠭᠤᠯᠵᠠᠢ᠃ ᠲᠠᠷᠠᠭᠠᠴᠢ ᠶᠢᠨ ᠠᠯᠬᠤᠮ ᠳᠤ᠂ ᠦᠷᠭᠦᠯᠵᠢᠯᠡᠨ ᠪᠥᠬᠦ ᠤᠯᠤᠰ ᠴᠢᠨᠠᠭᠰᠢᠯᠠᠪᠠᠯ ᠪᠥᠬᠦ ᠪᠥᠮᠪᠥᠷᠴᠡᠭ ᠲᠤ ᠬᠠᠨᠳᠤᠭᠤᠯᠤᠨ ᠪᠤᠷᠤᠯᠠᠭᠤᠯᠭ᠎ᠠ ᠶᠢᠨ ᠠᠷᠭ᠎ᠠ ᠵᠠᠮ ᠤᠨ ᠠᠷᠠᠯᠵᠢᠶᠠᠴᠢᠨ ᠤᠷᠢᠬᠤ ᠬᠠᠮᠲᠤᠷᠠᠯᠴᠠᠭ᠎ᠠ ᠶᠢ ᠥᠷᠨᠢᠭᠦᠯᠵᠦ᠂ ᠨᠠᠷᠠᠲᠤ ᠲᠡᠮᠳᠡᠭ ᠤᠨ ᠪᠦ᠋ᠲᠦᠭᠡᠭᠳᠡᠬᠦᠨ ᠤ ᠨᠠᠷᠢᠯᠢᠭᠵᠢᠬᠰᠠᠨ ᠬᠢᠷᠢ ᠲᠦᠪᠰᠢᠨ ᠪᠠ ᠵᠠᠬ᠎ᠠ ᠳᠡᠯᠭᠡᠭᠦᠷ ᠤᠨ ᠬᠤᠪᠢ ᠶᠢᠨ ᠵᠢᠩ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠠᠷᠠᠲᠤ ᠲᠡᠮᠳᠡᠭ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠡᠰᠢᠵᠢᠭᠰᠡᠨ ᠠᠷᠭ᠎ᠠ ᠵᠠᠮ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠨᠠᠷᠠᠲᠤ ᠲᠡᠮᠳᠡᠭ ᠤᠨ ᠬᠦᠭᠵᠢᠯᠲᠡ ᠳᠤ ᠬᠦᠴᠦᠨ ᠨᠡᠮᠡᠷᠢᠯᠡᠨ᠎ᠡ᠃      ᠲᠣᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠭᠰᠡᠨ ᠶᠠᠪᠤᠳᠠᠯ ᠪᠣᠯ ᠰᠢᠯᠢ ᠶᠢᠨ ᠭᠤᠣᠯ ᠠᠶᠢᠮᠠᠭ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠢᠳᠡᠪᠬᠢᠲᠡᠢ ᠠᠬᠢᠭᠤᠯᠵᠤ᠂ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠡᠭᠡᠵᠢᠩ ᠤᠨ ᠵᠠᠬ᠎ᠠ ᠳᠡᠯᠭᠡᠭᠦᠷ ᠢ ᠨᠡᠭᠡᠭᠡᠵᠦ᠂ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠭᠰᠡᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠣᠯ ᠠᠶᠢᠮᠠᠭ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠴᠢᠬᠤᠯᠠ ᠲᠠᠪᠴᠠᠩ ᠢ ᠠᠰᠢᠭᠯᠠᠵᠤ᠂ ᠪᠡᠭᠡᠵᠢᠩ ᠤᠨ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠵᠢᠴᠢ ᠳᠠᠭᠠᠭᠤᠯᠤᠬᠴᠢ ᠠᠵᠤ ᠠᠬᠤᠶᠢᠯᠠᠯ ᠯᠤᠭ᠎ᠠ ᠶᠢᠨ ᠬᠠᠮᠵᠢᠯᠴᠠᠭᠠᠨ ᠤ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠦ᠂ ᠰᠢᠯᠢ ᠶᠢᠨ ᠭᠤᠣᠯ ᠤᠨ ᠨᠡᠩ ᠤᠯᠠᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠡᠶᠢᠰᠯᠡᠯ ᠪᠡᠭᠡᠵᠢᠩ ᠳᠤ ᠣᠷᠣᠭᠤᠯᠵᠤ᠂ ᠪᠦᠬᠦ ᠤᠯᠤᠰ ᠤᠨ ᠡᠯ᠎ᠡ ᠭᠠᠵᠠᠷ ᠲᠤ ᠬᠦᠷᠭᠡᠨ᠎ᠡ᠃    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号